ᠵᠠᠯᠠᠶᠢᠨᠠᠭᠤᠷ ᠦᠨᠳᠦᠰᠦᠲᠡᠨ ᠤ ᠪᠠᠭ᠎ᠠ ᠰᠤᠷᠭᠠᠭᠤᠯᠢ ᠬᠤᠰᠢᠭᠤᠴᠢ ᠠᠩᠭᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/15
    10 ᠰᠠᠷ᠎ᠠ ᠶᠢᠨ 13 ᠤ ᠡᠳᠦᠷ ᠪᠣᠯ ᠢᠷᠠᠭᠤ ᠠᠯᠳᠠᠷᠲᠠᠶ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ ᠡᠳᠦᠷ ᠪᠣᠯᠤᠨ᠎ᠠ᠃ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠪᠣᠯ ᠥᠷᠭᠡᠨ ᠤᠯᠡᠠ ᠪᠠᠭᠠᠴᠤᠳ ᠬᠡᠦᠬᠡᠳ ᠤᠨ ᠥᠪᠡᠷ ᠤᠨ ᠬᠢᠨᠢ ᠵᠣᠬᠢᠶᠠᠨ ᠪᠠᠶᠢᠭᠤᠯᠤᠯᠲᠠ ᠮᠥᠨ᠂ ᠳᠥᠭᠦᠮᠴᠢᠯᠡᠭᠡᠳ ᠪᠠᠭᠠᠴᠤᠳ ᠤᠨ ᠬᠤᠰᠢᠭᠤᠴᠢ ᠠᠩᠬᠢ ᠭᠡᠳᠡᠭ᠃ 71 ᠳ᠋ᠦᠭᠡᠷ ᠬᠤᠰᠢᠭᠤᠴᠢ ᠠᠩᠭᠢ ᠪᠠᠶᠢᠭᠤᠯᠬᠤ ᠡᠳᠦᠷ ᠬᠦᠷᠴᠦ ᠢᠷᠡᠬᠦ ᠲᠠᠰᠢᠷᠠᠮ ᠳᠤ᠂ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠶᠡᠭᠡ ᠠᠩᠭᠢ ᠶᠢᠨ ᠬᠡᠯᠲᠡᠰ ᠡᠯ᠎ᠡ ᠳᠤᠮᠳᠠ ᠠᠩᠭᠢ ᠶᠢ ᠵᠣᠬᠢᠶᠠᠨ ᠪᠠᠶᠢᠭᠤᠯᠵᠤ ᠬᠤᠰᠢᠭᠤᠴᠢ  ᠠᠩᠭᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃
 
 
   
     ᠨᠢᠭᠡᠳᠦᠭᠡᠷ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠪᠠᠭᠰᠢ ᠬᠡᠤᠬᠡᠳ ᠲᠤ ᠤᠯᠠᠭᠠᠨ ᠪᠦᠴᠡ ᠶᠢᠨ ᠦᠯᠢᠭᠡᠷ ᠢ ᠶᠠᠷᠢᠵᠤ ᠥᠭᠭᠦᠭᠡᠳ ᠶᠠᠭᠤᠨ ᠳᠤ ᠤᠯᠠᠭᠠᠨ ᠪᠦᠴᠡ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠤᠶ᠃ ᠢᠷᠠᠭᠤ ᠠᠯᠳᠠᠷᠲᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠤᠶ᠎ᠠ ᠭᠡᠪᠡᠯ ᠬᠡᠷᠬᠢᠨ ᠬᠢᠬᠦ ᠵᠡᠷᠭᠡ︔ ᠬᠤᠶᠠᠳᠤᠭᠠᠷ ᠠᠴᠠ ᠲᠠᠪᠤᠳᠤᠭᠠᠷ ᠳᠤᠮᠳᠠ ᠠᠩᠭᠢ ᠶᠢᠨ ᠬᠢᠨ ᠤᠯᠠᠭᠠᠨ ᠪᠦᠴᠡ ᠶᠢᠨ ᠤᠷᠤᠯᠳᠤᠭᠠᠨ᠂ ᠬᠤᠰᠢᠭᠤᠴᠢ ᠠᠩᠭᠢ  ᠶᠢᠨ ᠳᠠᠭᠤᠤ ᠳᠠᠭᠤᠯᠠᠬᠤ ᠤᠷᠤᠯᠳᠤᠭᠠᠨ᠂ ᠬᠤᠰᠢᠭᠤᠴᠢ ᠠᠩᠭᠢ ᠳᠤ ᠬᠦᠨᠳᠦᠳᠬᠡᠯ  ᠬᠢᠬᠦ ᠤᠷᠤᠯᠳᠤᠭᠠᠨ᠂ ᠬᠤᠰᠢᠭᠤᠴᠢ ᠠᠩᠭᠢ ᠳᠤ ᠣᠷᠣᠬᠤ ᠲᠠᠩᠭᠠᠷᠢᠭ ᠤᠨ ᠦᠭᠡ ᠵᠡᠷᠭᠡ ᠠᠵᠢᠯᠯᠠᠭ᠎ᠠ ᠥᠷᠨᠢᠭᠦᠯᠵᠡᠶ᠃ ᠭᠠᠷᠠᠭ ᠤᠨ ᠨᠢᠭᠡᠨ ᠤ ᠲᠤᠭ ᠮᠠᠨᠳᠤᠭᠤᠯᠬᠤ ᠶᠣᠰᠣᠯᠠᠯ ᠨᠢ ᠢᠷᠠᠭᠤ ᠠᠯᠳᠠᠷ ᠲᠠᠢ ᠪᠠᠷ ᠪᠠᠭᠠᠴᠤᠳ ᠤᠨ ᠬᠤᠰᠢᠭᠤᠴᠢ ᠠᠩᠭᠢ ᠪᠠᠷ ᠭᠤᠤᠯ ᠰᠡᠳᠦᠪ ᠪᠤᠯᠭᠠᠵᠤ  ᠂ ᠤᠯᠠᠭᠠᠨ ᠪᠦᠴᠡ ᠪᠣᠯ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠴᠢᠰᠤ ᠪᠠᠷ ᠪᠤᠳᠤᠭᠳᠠᠭᠰᠠᠨ ᠭᠡᠳᠡᠭ ᠢ ᠬᠤᠰᠢᠭᠤᠴᠢ ᠠᠩᠭᠢ ᠶᠢᠨ ᠭᠡᠰᠢᠭᠦᠳ ᠲᠤ ᠪᠠᠲᠤ ᠴᠡᠭᠡᠵᠢᠯᠡᠭᠦᠯᠪᠡ︔
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号