ᠵᠢᠶᠠᠩ ᠬᠤᠩ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠬᠦᠲᠡᠯᠤᠩᠬᠦᠢ ᠪᠠᠷ ᠡᠵᠡᠮᠲᠡᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠤᠨ᠎ᠠ ᠬᠡᠵᠤ ᠢᠯᠡᠷᠬᠡᠶᠢᠯᠡᠭᠰᠡᠨ
ᠨᠡᠶᠢᠲᠡᠯᠡᠭᠰᠡᠨ ᠴᠠᠭ᠄
2020/10/17
     ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢ᠂ ᠬᠦᠯᠤᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠲᠠᠷᠤᠭ᠎ᠠ ᠵᠢᠶᠠᠩ ᠬᠤᠩ ᠦᠪᠤᠷ ᠮᠤᠩᠭᠤᠯ ᠤᠨ ᠡᠳᠣᠷ ᠤᠨ ᠰᠤᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠄ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠲᠤ ᠤᠯᠤᠰ  ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠡᠬᠦᠷᠭᠡ ᠶᠢᠨ ᠬᠠᠷᠠᠯᠲᠠ ᠶᠢ ᠴᠢᠩᠭ᠎ᠠ ᠡᠵᠡᠮᠲᠡᠨ᠂ ᠰᠢᠨ᠎ᠡ ᠬᠦᠭᠵᠢᠯᠲᠡ ᠶᠢᠨ ᠦᠢᠯᠠᠭᠠᠭᠳᠠᠬᠤᠨ ᠢ ᠲᠤᠤᠱᠯᠠᠭᠤᠯᠵᠤ᠂ ᠶᠠᠰᠤ ᠴᠢᠨᠠᠷᠲᠠᠢ ᠬᠦᠭᠵᠢᠯᠲᠡ ᠳᠤ ᠠᠩᠬᠠᠷᠤᠯ ᠢᠶᠠᠨ ᠲᠦᠪᠯᠡᠷᠡᠬᠦᠯᠵᠤ᠂ ᠵᠤᠭᠰᠤᠴᠠ ᠦᠨᠳᠣᠷ ᠬᠤᠯᠠ ᠶᠢ ᠬᠠᠷᠠᠵᠤ᠂ ᠰᠡᠳᠬᠢᠴᠡ ᠲᠤᠲᠤ᠂ ᠬᠠᠷᠠᠯᠲᠠ ᠲᠤᠲᠤᠷᠬᠠᠢ᠂ ᠡᠬᠦᠷᠭᠡ ᠪᠤᠲᠠᠲᠠᠢ ᠪᠠᠶᠢᠵᠤ᠂ ᠪᠦᠬᠦ ᠤᠷᠤᠨ ᠤ ᠴᠢᠨᠡᠬᠡᠯᠢᠭ ᠨᠡᠶᠢᠬᠡᠮ ᠢ ᠪᠡᠶᠡᠯᠡᠬᠦᠯᠬᠦ ᠪᠦᠬᠦ ᠲᠠᠯ᠎ᠠ ᠶᠢᠨ ᠰᠡᠢᠳᠪᠤᠷᠢᠲᠤ ᠢᠯᠠᠯᠲᠠ ᠶᠢ ᠤᠯᠬᠤ ᠳᠤ ᠴᠢᠭᠯᠡᠯ ᠢ ᠲᠤᠲᠤᠷᠬᠠᠶᠢᠯᠠᠵᠤ᠂ ᠵᠢᠷᠤᠮᠯᠠᠯ ᠬᠠᠩᠭᠠᠪᠠ ᠬᠡᠵᠠᠢ᠃ ᠡᠨᠡ ᠵᠢᠯ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠤᠯᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠃ ᠵᠢᠶᠠᠩ ᠬᠤᠩ ᠢᠯᠡᠷᠭᠡᠶᠢᠯᠡᠭᠰᠡᠨ  ᠨᠢ᠄ ᠬᠦᠯᠤᠨ ᠪᠤᠶᠢᠷ ᠬᠤᠲᠠ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠤᠯᠪᠤᠭᠳᠠᠯ ᠪᠦᠬᠦᠢ ᠲᠤᠭᠲᠠᠮᠠᠯ ᠴᠢᠨᠠᠷᠲᠠᠢ ᠵᠢᠭᠠᠯᠲᠠ ᠲᠤᠭ᠎ᠠ ᠲᠠᠢ ᠬᠠᠷᠭᠤᠭᠤᠯᠤᠨ᠂ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠬᠦᠲᠡᠯᠤᠩᠬᠦᠢ ᠪᠠᠷ ᠡᠵᠡᠮᠲᠡᠨ᠂ ᠬᠦᠴᠢᠷ ᠲᠦᠪᠡᠭᠲᠠᠢ ᠠᠰᠠᠭᠤᠳᠠᠯ ᠳᠤ ᠢᠳᠡᠪᠬᠢᠲᠠᠢ ᠰᠤᠳᠤᠯᠤᠯᠲᠠ ᠬᠢᠵᠤ ᠰᠢᠪᠲᠤᠯᠤᠯᠲᠠ ᠭᠠᠷᠭᠠᠵᠤ᠂ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠦᠨᠡᠨᠬᠦ ᠪᠤᠲᠠᠲᠠᠢ ᠦᠢᠯᠡᠳᠤᠯᠬᠡ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠎ᠠ᠃    ᠨᠢᠬᠡ ᠳᠤ᠂ ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠤ ᠶᠢ ᠪᠠᠲᠤᠯᠠᠵᠤ᠂ ᠠᠮᠢ ᠠᠬᠤᠢ ᠶᠢ ᠲᠡᠷᠢᠬᠦᠨ ᠳᠤ ᠲᠠᠯᠪᠢᠵᠤ᠂ ᠪᠤᠬᠢᠷᠲᠤᠯ ᠦᠬᠡᠢ ᠬᠦᠭᠵᠢᠯᠲᠡ ᠪᠠᠷ ᠵᠢᠯᠤᠭᠤᠳᠤᠮᠵᠢ ᠪᠤᠯᠭᠠᠭᠰᠠᠨ ᠶᠠᠰᠤ ᠴᠢᠨᠠᠷ ᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ᠠᠮᠢ ᠠᠬᠤᠢ ᠶᠢ ᠠᠵᠤ ᠦᠢᠯᠡᠰᠴᠢᠯᠡᠬᠦ᠂ ᠠᠵᠤ ᠦᠢᠯᠡᠰ ᠢ ᠠᠮᠢ ᠠᠬᠤᠶᠢᠴᠢᠯᠠᠬᠤ ᠶᠢ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠡᠢᠳᠪᠤᠷᠢᠲᠤ ᠢᠯᠠᠯᠲᠠ ᠶᠢ ᠲᠡᠮᠡᠴᠡᠨ ᠤᠯᠤᠨ᠎ᠠ᠃    ᠬᠤᠶᠠᠷ ᠲᠤ᠂ ᠭᠤᠷᠪᠠᠨ ᠲᠤᠮᠤ ᠪᠤᠭᠤᠮᠲᠠ ᠰᠢᠪᠲᠤᠯᠬᠤ ᠲᠠᠶᠢᠯᠠᠯᠳᠤᠭᠠᠨ ᠢ ᠰᠠᠶᠢᠳᠤᠷ ᠬᠢᠵᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠤᠨ᠎ᠠ᠃ ᠲᠤᠩ ᠶᠠᠳᠠᠭᠤ ᠬᠦᠴᠢᠷᠲᠡᠯ ᠲᠠᠢ ᠭᠠᠵᠠᠷ ᠤᠷᠤᠨ ᠳᠤ ᠠᠩᠬᠠᠷᠤᠯ ᠢᠶᠠᠨ ᠲᠦᠪᠯᠡᠷᠡᠬᠦᠯᠵᠤ᠂ ᠲᠦᠷᠤ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠤᠯᠤᠨ ᠪᠡᠯᠡ ᠤᠷᠤᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠳᠤᠬᠠᠨ ᠤ ᠪᠠᠷᠢᠮᠵᠢᠶ᠎ᠠ ᠶᠤᠰᠤᠭᠠᠷ ᠶᠠᠳᠠᠭᠤ ᠬᠦᠴᠢᠷᠲᠡᠯ ᠲᠠᠢ ᠬᠦᠮᠤᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠤᠯᠤᠨ ᠤᠯᠤᠰ ᠤᠨ ᠲᠡᠰ ᠤᠨ ᠶᠠᠳᠠᠭᠤ ᠬᠦᠴᠢᠷᠲᠡᠯ ᠲᠠᠢ ᠬᠤᠶᠠᠷ ᠬᠤᠰᠢᠭᠤ ᠶᠢᠨ ᠶᠠᠳᠠᠭᠤ ᠶᠢᠨ ᠮᠠᠯᠠᠭᠠᠢ ᠶᠢ ᠠᠪᠴᠤ ᠬᠠᠶᠠᠬᠤ ᠶᠢ ᠪᠠᠲᠤᠯᠠᠨ᠎ᠠ᠃ ︽ᠲᠦᠷᠪᠡ ᠶᠢ ᠬᠠᠶᠠᠬᠤ ᠦᠬᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠴᠦᠯᠢᠭ ᠢᠶᠠᠨ ᠴᠢᠩᠭᠠᠳᠬᠠᠵᠤ᠂ ᠪᠡᠬᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠬᠦᠨᠵᠡᠬᠡᠶᠢᠷᠡᠬᠦᠯᠵᠤ᠂ ᠨᠢᠬᠡᠨᠲᠡ ᠶᠠᠳᠠᠭᠤ ᠠᠴᠠ ᠠᠩᠬᠢᠵᠢᠷᠠᠭᠰᠠᠨ ᠬᠦᠮᠤᠨ ᠠᠮᠠ ᠶᠢᠨ ᠤᠷᠤᠯᠭ᠎ᠠ ᠶᠢ ᠦᠷᠬᠦᠯᠵᠢᠯᠡᠨ ᠨᠡᠮᠡᠭᠲᠡᠬᠦᠯᠵᠤ ᠶᠠᠳᠠᠭᠤ ᠠᠴᠠ ᠠᠩᠬᠢᠵᠢᠷᠠᠭᠰᠠᠨ  ᠢ ᠲᠤᠭᠲᠠᠭᠤᠨ ᠪᠠᠶᠢᠯᠭᠠᠬᠤ ᠶᠢ ᠪᠠᠲᠤᠯᠠᠨ᠎ᠠ᠃ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠤ᠂ ᠬᠦᠯᠤᠨ ᠨᠠᠭᠤᠷ ᠤᠨ ᠠᠮᠢ ᠠᠬᠤᠢ ᠶᠢ ᠶᠠᠷᠤᠩᠬᠡᠶᠢᠯᠡᠨ ᠵᠠᠰᠠᠬᠤ ᠶᠢ ᠡᠷᠡᠰ ᠢᠶᠠᠷ ᠰᠠᠶᠢᠳᠤᠷ ᠠᠳᠬᠤᠵᠤ᠂ ᠬᠦᠬᠡᠮᠳᠤᠭ᠌ ᠠᠭᠤᠯᠠ ᠤᠰᠤ ᠠᠷᠢᠭᠤᠨ ᠬᠦᠷᠤᠰᠤ ᠶᠢ ᠬᠠᠮᠠᠭᠠᠯᠠᠬᠤ ᠲᠠᠶᠢᠯᠠᠯᠳᠤᠭᠠᠨ ᠢ ᠲᠤᠤᠱᠲᠠᠢ ᠰᠠᠶᠢᠳᠤᠷ ᠠᠳᠬᠤᠨ᠎ᠠ︔ ᠦᠷᠢ ᠦᠭᠴᠡᠭᠡ ᠶᠢ ᠰᠡᠢᠳᠪᠤᠷᠢᠯᠡᠬᠦ ᠠᠵᠢᠯ ᠢ ᠬᠦᠴᠤᠲᠠᠢ ᠠᠬᠢᠭᠤᠯᠵᠤ᠂ ᠬᠦᠨᠳᠤ ᠲᠤᠮᠤ ᠠᠶᠤᠯ ᠲᠦᠭᠰᠢᠬᠦᠷᠢ ᠶᠢ ᠰᠡᠷᠬᠡᠶᠢᠯᠡᠨ ᠨᠠᠮᠳᠠᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠡᠢᠳᠪᠤᠷᠢᠲᠤ ᠢᠯᠠᠯᠲᠠ ᠶᠢ ᠤᠯᠬᠤ ᠰᠠᠭᠤᠷᠢ ᠶᠢ ᠦᠨᠡᠨᠬᠦ ᠪᠠᠬᠢᠵᠢᠬᠦᠯᠤᠨ᠎ᠡ᠃     ᠭᠤᠷᠪᠠ ᠳᠤ᠂ ᠲᠠᠪᠠᠭᠤᠯᠢᠭ ᠤᠨᠴᠠᠯᠢᠭ ᠲᠠᠭᠠᠨ ᠰᠠᠭᠤᠷᠢᠯᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠵᠤ᠂ ᠲᠡᠭᠡᠲᠤ ᠲᠡᠰ ᠤᠨ ᠵᠤᠭᠠᠴᠠᠯ ᠤᠨ ᠦᠢᠯᠡᠰ  ᠢ ᠬᠦᠭᠵᠢᠶᠡᠨᠲᠠᠢ ᠪᠤᠯᠭᠠᠵᠤ᠂ ᠤᠨᠴᠠᠯᠢᠭᠲᠠᠤ ᠮᠦᠰᠤ ᠴᠰᠤᠨ ᠤ ᠠᠵᠤ ᠦᠢᠯᠡᠰ ᠢ ᠬᠦᠭᠵᠢᠬᠦᠯᠵᠤ᠂ ᠲᠠᠪᠠᠭᠤᠯᠢᠭ ᠪᠦᠬᠦᠢ ᠭᠠᠳᠠᠭᠠᠲᠤ ᠨᠡᠬᠡᠬᠡᠯᠲᠡ ᠶᠢ ᠬᠦᠭᠵᠢᠶᠡᠨᠲᠠᠢ ᠪᠤᠯᠭᠠᠵᠤ᠂ ᠶᠠᠰᠤ ᠴᠢᠨᠠᠷᠲᠠᠢ ᠬᠦᠭᠵᠢᠯᠲᠡ ᠶᠢᠨ ᠲᠤᠮᠲᠠ ᠦᠨᠳᠣᠷ ᠲᠦᠪᠰᠢᠨ ᠤ ᠬᠠᠮᠠᠭᠠᠯᠠᠯᠲᠠ ᠶᠢ ᠠᠬᠢᠭᠤᠯᠤᠨ᠎ᠠ᠃   ᠲᠦᠷᠪᠡ ᠳᠤ᠂ ᠬᠦᠲᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠬᠦᠲᠡᠭᠡ ᠲᠤᠰᠬᠤᠨ ᠮᠠᠯᠵᠢᠬᠤ ᠤᠷᠤᠨ ᠤ ᠬᠦᠮᠤᠨ ᠠᠷᠠᠳ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠤᠨ᠎ᠠ᠃ ᠭᠤᠤᠯᠲᠠᠯᠭ᠎ᠠ ᠲᠠᠢ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ᠂ ᠬᠦᠷᠢᠶᠡᠯᠡᠩ ᠲᠤᠭᠤᠷᠢᠭ ᠤᠨ ᠲᠠᠪᠴᠠᠩ ᠤᠨ ᠪᠦᠲᠤᠭᠡᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠰᠠᠭᠤᠷ ᠲᠦᠬᠦᠬᠡᠷᠤᠮᠵᠢ ᠶᠢᠨ ᠪᠦᠲᠤᠭᠡᠨ ᠪᠠᠶᠢᠭᠤᠯᠤᠯᠲᠠ ᠳᠤ ᠬᠦᠴᠤᠯᠡᠨ ᠬᠦᠴᠤ ᠤᠷᠤᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠲᠠᠯ᠎ᠠ ᠪᠠᠷ ᠬᠢ ᠲᠤᠲᠠᠭᠤᠳᠠᠯ ᠢ ᠨᠦᠬᠦᠪᠤᠷᠢᠯᠡᠨ᠎ᠡ᠃    ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠤᠯᠭᠤᠯᠲᠠ ᠶᠢ ᠲᠡᠷᠢᠬᠦᠨ ᠳᠤ ᠲᠠᠯᠪᠢᠬᠤ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ ᠵᠠᠭᠤᠨ ᠤ ᠲᠦᠷᠪᠡ ᠴᠢᠭ ᠲᠠᠪᠤ ᠲᠤᠲᠤᠷ᠎ᠠ ᠬᠢᠵᠠᠭᠠᠷᠯᠠᠵᠤ᠂ ᠨᠡᠶᠢᠬᠡᠮ ᠤᠨ ᠦᠢᠯᠡᠰ ᠢ ᠬᠦᠴᠤᠲᠠᠢ ᠬᠦᠭᠵᠢᠬᠦᠯᠤᠨ᠂ ᠦᠨᠳᠣᠰᠣᠲᠡᠨ ᠤ ᠪᠦᠯᠬᠦᠮᠲᠡᠯ ᠲᠠᠪᠰᠢᠯᠲᠠ ᠶᠢ ᠯᠠᠪᠲᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠤᠨ ᠲᠤᠮᠲᠠᠴᠢ ᠶᠢᠨ ᠡᠵᠡᠮᠲᠡᠵᠤ ᠪᠤᠯᠬᠤ ᠤᠷᠤᠯᠭ᠎ᠠ ᠶᠢᠨ ᠲᠤᠭᠲᠠᠭᠤᠨ ᠨᠡᠮᠡᠭᠲᠡᠯ ᠢ ᠪᠠᠲᠤᠯᠠᠵᠤ᠂ ᠪᠦᠬᠦ ᠬᠤᠲᠠ ᠶᠢᠨ ᠡᠯ᠎ᠡ ᠦᠨᠳᠣᠰᠣᠲᠡᠨ ᠤ ᠤᠯᠠᠨ ᠲᠦᠮᠡᠨ ᠢ ᠪᠦᠬᠦ ᠤᠯᠤᠰ ᠪᠦᠬᠦ ᠤᠷᠤᠨ ᠤ ᠤᠯᠠᠨ ᠲᠦᠮᠡᠨ ᠲᠠᠢ ᠠᠳᠠᠯᠢ ᠠᠯᠬᠤᠮ ᠢᠶᠠᠷ ᠪᠦᠬᠦ ᠲᠠᠯ᠎ᠠ ᠶᠢᠨ ᠴᠢᠨᠡᠬᠡᠯᠢᠭ ᠨᠡᠶᠢᠬᠡᠮ ᠳᠤ ᠤᠷᠤᠭᠤᠯᠤᠨ᠎ᠠ ᠬᠡᠵᠠᠢ᠃ ᠰᠣᠷᠪᠤᠯᠵᠢᠯᠠᠭᠴᠢ᠄ ᠪᠦᠬᠡᠦ᠋ᠨᠳᠣᠰᠣ
 
ᠢᠷᠡᠯᠲᠡ᠄ ᠬᠦᠯᠦᠨ ᠪᠦᠢᠷ ᠬᠤᠲᠠ  ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号