ᠬᠡᠰᠢᠬᠦᠨ ᠬᠠᠶᠢᠱᠠᠨ᠄ ᠮᠦᠰᠦ ᠴᠠᠰᠤᠨ ᠤ ᠲᠠᠮᠢᠷ ᠤᠨ ᠲᠦᠷᠦᠯ ᠢ ᠬᠦᠯᠦᠨ ᠪᠤᠶᠢᠷ ᠤᠨ ᠤᠨᠴᠠᠯᠢᠭᠲᠤ ᠲᠠᠮᠢᠷ ᠤᠨ ᠬᠢᠴᠢᠶᠡᠯ ᠪᠤᠯᠭᠠᠪᠠᠯ ᠵᠤᠬᠢᠰᠲᠠᠢ
ᠨᠡᠶᠢᠲᠡᠯᠡᠭᠰᠡᠨ ᠴᠠᠭ᠄
2020/12/17
    2020 ᠤᠨ ᠤ ᠬᠤᠳᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠤ ᠰᠤᠷᠪᠤᠯᠵᠢᠯᠠᠭᠴᠢ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠬᠦᠯᠦᠨ ᠪᠤᠶᠢᠷ ᠲᠡᠬᠡᠲᠦ ᠰᠤᠷᠭᠠᠭᠤᠯᠢ ᠶᠢᠨ ᠫᠷᠤᠹᠧᠰᠰᠦᠷ ᠬᠠᠶᠢᠱᠠᠨ ᠪᠠᠭᠰᠢ ᠶᠢ ᠰᠤᠷᠪᠤᠯᠵᠢᠯᠠᠵᠤ ᠲᠡᠬᠦᠨ ᠤ ᠲᠤᠷᠠᠳᠴᠦ ᠦᠡᠭᠬᠡᠷᠡᠭᠰᠡᠨ ᠰᠠᠨᠠᠯ ᠲᠤᠷᠠᠲᠤᠯᠭ᠎ᠠ ᠬᠢᠷᠢ ᠵᠡᠷᠬᠡ ᠪᠡᠶᠡᠯᠡᠭᠳᠡᠭᠰᠡᠨ ᠵᠢᠴᠢ ᠡᠨᠡ ᠵᠢᠯ ᠤᠨ ᠲᠤᠷᠠᠳᠴᠦ ᠪᠠᠶᠢᠭ᠎ᠠ ᠰᠠᠨᠠᠯ ᠲᠤᠷᠠᠲᠤᠯᠭ᠎ᠠ ᠶᠢᠨ ᠬᠢᠨᠢ ᠲᠤᠬᠠᠢ ᠤᠢᠢᠯᠠᠭᠠᠵᠤ ᠪᠢᠯᠡ᠃
 
         ᠡᠮᠦᠨᠡᠬᠡᠨ ᠬᠢᠵᠢᠭ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠬᠠᠶᠢᠱᠠᠨ ︽ᠬᠢᠵᠢᠭ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠬᠤᠳᠠ ᠶᠢᠨ ᠲᠤᠯᠠᠭᠠᠯᠠᠭ᠎ᠠ ᠶᠢᠨ ᠬᠤᠭᠤᠴᠠᠭ᠎ᠠ ᠶᠢ ᠤᠷᠲᠤᠳᠬᠠᠬᠤ ᠲᠤᠬᠠᠢ ᠰᠠᠨᠠᠯ︾ ᠢᠶᠠᠨ ᠲᠡᠬᠡᠲᠦ ᠱᠠᠲᠤᠨ ᠳᠤ ᠲᠡᠪᠰᠢᠬᠦᠯᠵᠠᠢ᠃ ᠲᠡᠬᠦᠨ ᠤ ᠰᠠᠨᠠᠯ ᠢ ᠮᠠᠰᠢ ᠤᠯᠠᠨ ᠬᠡᠰᠢᠬᠦᠳ ᠲᠡᠮᠵᠢᠵᠤ᠂ ᠬᠠᠮᠲᠦ ᠪᠠᠷ ᠲᠤᠰ ᠰᠠᠨᠠᠯ ᠲᠤᠷᠠᠲᠤᠯᠭ᠎ᠠ ᠶᠢ ᠲᠡᠪᠰᠢᠬᠦᠯᠦᠭᠰᠡᠨ ᠤ ᠲᠠᠷᠠᠭ᠎ᠠ ᠲᠡᠬᠡᠲᠦ ᠱᠠᠲᠤᠨ ᠠᠴᠠ ᠬᠦᠨᠲᠦᠳᠬᠡᠨ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠲᠠᠢ ᠬᠠᠷᠢᠯᠴᠠᠵᠤ ᠲᠤᠯᠠᠭᠠᠯᠠᠭ᠎ᠠ ᠶᠢᠨ ᠬᠤᠭᠤᠴᠠᠭ᠎ᠠ ᠶᠢ ᠨᠢᠬᠡ ᠭᠠᠷᠠᠭ ᠤᠷᠲᠤᠳᠬᠠᠭᠰᠠᠨ ᠪᠠᠶᠢᠨ᠎ᠠ᠃ ᠬᠠᠶᠢᠱᠠᠨ ᠪᠠᠭᠰᠢ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠤᠯᠤᠭᠰᠠᠨ ᠠᠴᠠ ᠬᠤᠶᠢᠰᠢ ᠲᠦᠷᠦ ᠲᠦᠮᠡᠨ ᠳᠡᠭᠡᠨ ᠠᠰᠢᠭᠲᠠᠢ ᠰᠠᠨᠠᠯ ᠲᠤᠷᠠᠲᠤᠯᠭ᠎ᠠ ᠶᠢ ᠤᠯᠠᠨ ᠲᠤᠷᠠᠲᠤᠨ ᠭᠠᠷᠭᠠᠵᠤ᠂ ᠠᠷᠠᠳ ᠤᠯᠠᠨ ᠤ ᠠᠮᠢᠲᠤᠷᠠᠯ ᠳᠤ  ᠦᠨᠡᠨ ᠬᠦ ᠠᠰᠢᠭ ᠬᠦᠷᠲᠡᠭᠡᠵᠡᠢ᠃ ᠬᠢᠵᠢᠭ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠬᠤᠳᠠ ᠶᠢᠨ ᠲᠤᠯᠠᠭᠠᠯᠠᠭ᠎ᠠ ᠶᠢᠨ ᠬᠤᠭᠤᠴᠠᠭ᠎ᠠ ᠶᠢ ᠤᠷᠲᠤᠳᠬᠠᠭᠰᠠᠨ ᠨᠢ ᠬᠡᠷ ᠲᠡᠭᠡᠨ ᠰᠠᠭᠤᠵᠤ ᠪᠠᠶᠢᠭ᠎ᠠ ᠨᠠᠰᠤᠳᠠᠳ ᠨᠢᠯᠬᠠᠰ ᠤᠨ  ᠬᠡᠷ ᠬᠦᠢᠳᠡᠨ ᠠᠴᠠ ᠪᠤᠯᠵᠤ ᠬᠠᠨᠢᠶᠠᠲᠦ ᠲᠠᠭᠰᠢᠭᠤᠷ ᠬᠦᠷᠬᠦ ᠶᠢ ᠰᠡᠷᠬᠡᠶᠢᠯᠡᠵᠦ᠂ ᠡᠮᠨᠡᠯᠬᠡ ᠶᠢᠨ ᠬᠤᠷᠢᠶᠠᠨ ᠳᠤ ᠬᠦᠮᠦᠨ ᠴᠤᠭᠯᠠᠷᠠᠬᠤ ᠪᠤᠯᠭᠤᠮᠵᠢ ᠶᠢ ᠵᠤᠬᠢᠬᠤ ᠬᠡᠮᠵᠢᠶᠡᠨ ᠳᠤ ᠪᠠᠭᠠᠰᠬᠠᠨ᠂ ᠬᠢᠵᠢᠭ ᠢ ᠪᠦᠳᠦᠮᠵᠢᠲᠠᠢ ᠰᠡᠷᠬᠡᠶᠢᠯᠡᠨ‌ᠡᠵᠡᠮᠳᠡᠬᠦ ᠳᠤ ᠨᠢᠬᠡᠨ ᠲᠠᠯ᠎ᠠ ᠶᠢᠨ ᠪᠠᠲᠤᠯᠠᠭ᠎ᠠ ᠬᠠᠨᠭ᠍ᠭᠠᠭᠰᠠᠨ ᠶᠤᠮ᠃      ᠦᠡᠭᠬᠡᠷᠡᠭᠰᠡᠨ ᠳᠤ ᠬᠡᠰᠢᠬᠦᠨ ᠬᠠᠶᠢᠱᠠᠨ ᠬᠠᠶᠢᠯᠠᠷ ᠲᠤᠭᠤᠷᠢᠭ ᠤᠨ ᠵᠡᠬᠡᠯᠢ ᠭᠤᠲᠤᠮᠵᠢᠨ ᠤ ᠫᠠᠶᠢᠰᠠ ᠱᠤᠰᠢᠭ᠎ᠠ ᠶᠢᠨ ᠮᠤᠩᠭᠤᠯ ᠬᠢᠳᠠᠳ ᠦᠰᠦᠭ ᠤᠨ ᠪᠢᠴᠢᠯᠬᠡ ᠶᠢ ᠲᠦᠷᠢᠮᠵᠢᠬᠦᠯᠬᠦ᠂ ᠬᠦᠯᠦᠨ ᠪᠤᠶᠢᠷ ᠲᠡᠬᠡᠲᠦ ᠰᠤᠷᠭᠠᠭᠤᠯᠢ ᠶᠢᠨ ᠡᠬᠦᠳᠡᠨ ᠳᠤ ᠵᠠᠮ ᠬᠡᠲᠦᠯᠬᠦ ᠬᠦᠬᠦᠷᠬᠡ ᠪᠠᠶᠢᠭᠤᠯᠪᠠᠯ ᠵᠤᠬᠢᠬᠤ ᠵᠡᠷᠬᠡ ᠰᠠᠨᠠᠯ ᠲᠤᠷᠠᠲᠤᠯᠭ᠎ᠠ ᠲᠡᠪᠰᠢᠬᠦᠯᠦᠭᠰᠡᠨ ᠢᠶᠠᠷ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠩᠬᠠᠷᠤᠯ ᠳᠠᠭᠠᠨ ᠠᠪᠴᠦ᠂ ᠴᠠᠭ ᠲᠤᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃ ᠬᠦᠯᠦᠨ ᠪᠤᠶᠢᠷ ᠬᠤᠳᠠ ᠶᠢᠨ ᠷᠠᠳᠢᠣ᠋ ᠲᠧᠯᠧᠢᠰ ᠬᠤᠷᠢᠶ᠎ᠠ ᠶᠢᠨ ︽ᠠᠮᠢᠲᠤᠷᠠᠯ ᠰᠤᠷᠠᠭ ᠵᠠᠩᠬᠢ︾ ᠰᠤᠪᠠᠭ ᠲᠤ ᠮᠤᠩᠭᠤᠯ ᠬᠡᠯᠡᠨ ᠤ ᠨᠡᠪᠳᠡᠷᠡᠬᠦᠯᠬᠡ ᠤᠤᠯ ᠤᠨ ᠡᠲᠦᠷ ᠲᠤ ᠠᠷᠪᠠᠨ ᠲᠠᠪᠤᠨ ᠮᠢᠨᠦ᠋ᠲ ᠨᠡᠪᠳᠡᠷᠡᠬᠦᠯᠵᠤ ᠪᠠᠶᠢᠭᠰᠠᠨ ᠢᠶᠠᠨ ᠡᠨᠡ ᠵᠢᠯ ᠤᠨ 5 ᠰᠠᠷ᠎ᠠ ᠶᠢᠨ 9 ᠤ ᠡᠲᠦᠷ ᠠᠴᠠ ᠵᠢᠷᠠᠨ ᠮᠢᠨᠦ᠋ᠲ ᠨᠡᠪᠲᠡᠷᠡᠬᠦᠯᠬᠦ ᠪᠤᠯᠤᠭᠰᠠᠨ ᠪᠦᠭᠡᠳ ᠶᠢᠰᠦᠨ ᠫᠷᠦᠭᠷᠠᠮ ᠲᠠᠢ ᠪᠤᠯᠵᠤ ᠦᠷᠬᠡᠵᠢᠭᠰᠡᠨ ᠪᠢᠯᠡ᠃ ᠡᠨᠡ ᠶᠠᠪᠤᠳᠠᠯ ᠨᠢ ᠮᠦᠨ ᠬᠡᠰᠢᠬᠦᠨ    ᠬᠠᠶᠢᠱᠠᠨ ᠤ ᠲᠡᠪᠰᠢᠬᠦᠯᠦᠭᠰᠡᠨ ᠬᠦᠯᠦᠨ ᠪᠤᠶᠢᠷ ᠬᠤᠳᠠ ᠳᠤ ᠮᠤᠩᠭᠤᠯ ᠬᠡᠯᠡᠨ ᠤ ᠲᠧᠯᠧᠢᠰ ᠨᠡᠪᠳᠡᠷᠡᠬᠦᠯᠬᠡ ᠶᠢᠨ ᠰᠤᠪᠠᠭ ᠨᠡᠬᠡᠬᠡᠪᠡᠯ ᠵᠤᠬᠢᠬᠤ ᠰᠠᠨᠠᠯ ᠳᠤᠷᠠᠳᠤᠯᠭ᠎ᠠ ᠠᠴᠠ ᠡᠬᠢ ᠲᠠᠢ ᠪᠢᠯᠡ᠃ ᠬᠡᠲᠦ᠋ᠢᠪᠡᠷ ᠬᠦᠯᠦᠨ ᠪᠤᠶᠢᠷ ᠬᠤᠳᠠ ᠳᠤ ᠮᠤᠩᠭᠤᠯ ᠬᠡᠯᠡᠨ ᠤ ᠲᠧᠯᠧᠢᠰ ᠨᠡᠪᠳᠡᠷᠡᠬᠦᠯᠬᠡ ᠶᠢᠨ ᠲᠤᠰᠬᠠᠢ ᠰᠤᠪᠠᠭ ᠬᠠᠷᠠᠬᠠᠨ ᠨᠡᠬᠡᠬᠡ ᠦᠬᠡᠢ ᠪᠠᠶᠢᠭᠰᠠᠭᠠᠷ ᠴᠦ ᠨᠡᠪᠳᠡᠷᠡᠬᠦᠯᠬᠡ ᠶᠢᠨ ᠴᠠᠭ ᠢ ᠤᠷᠲᠤᠤᠬᠠᠭᠰᠠᠨ ᠨᠢ ᠪᠠᠰᠠ ᠨᠢᠭᠡ ᠵᠦᠢᠯ ᠤᠨ ᠠᠬᠢᠯᠲᠡ ᠲᠠᠪᠰᠢᠯᠲᠡ ᠬᠡᠯᠲᠡᠢ᠃     ᠡᠨᠡ ᠵᠢᠯ ᠬᠠᠶᠢᠱᠠᠨ ᠮᠦᠰᠦ ᠴᠠᠰᠤᠨ ᠤ ᠲᠠᠮᠢᠷ ᠤᠨ ᠲᠦᠷᠦᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ᠂ ᠬᠦᠯᠦᠨ ᠪᠤᠶᠢᠷ ᠤᠨ ᠤᠨᠴᠠᠯᠢᠭᠲᠤ ᠲᠠᠮᠢᠷ ᠤᠨ ᠬᠢᠴᠢᠶᠡᠯ ᠪᠤᠯᠭᠠᠬᠤ ᠲᠤᠬᠠᠢ ᠰᠠᠨᠠᠯ ᠲᠤᠷᠠᠲᠤᠯᠭ᠎ᠠ ᠲᠠᠢ ᠢᠷᠡᠪᠠ᠃ ᠮᠠᠨ ᠤ ᠬᠤᠳᠠ ᠶᠢ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠢᠬᠦ ᠭᠠᠵᠠᠷ ᠢᠶᠠᠷ ᠰᠤᠩᠭᠤᠭᠰᠠᠨ ᠠᠵᠠ ᠵᠠᠪᠰᠢᠶᠠᠨ ᠢᠶᠠᠷ ᠬᠦᠯᠦᠨ ᠪᠤᠶᠢᠷ ᠤᠨ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠲᠦᠷᠦᠯ ᠢ ᠦᠷᠬᠦᠯᠵᠢᠯᠡᠬᠦᠯᠦᠨ ᠬᠦᠭᠵᠢᠬᠦᠯᠵᠤ᠂ ᠡᠪᠦᠯ ᠤᠨ ᠤᠯᠠᠷᠢᠯ ᠳᠤ ᠰᠤᠷᠤᠭᠴᠢᠳ ᠤᠨ ᠪᠡᠶ᠎ᠠ ᠮᠠᠬᠠᠪᠤᠳ ᠢ ᠪᠤᠯᠪᠠᠰᠤᠷᠠᠭᠤᠯᠬᠤ ᠳᠤ ᠮᠦᠰᠦ ᠴᠠᠰᠤᠨ ᠤ ᠲᠠᠮᠢᠷ ᠤᠨ ᠲᠦᠷᠦᠯ ᠳᠤ ᠢᠯᠡᠬᠦᠭᠡᠨ ᠤᠷᠤᠯᠴᠠᠭᠤᠯᠪᠠᠯ ᠵᠤᠬᠢᠰᠲᠠᠢ᠃    ᠬᠦᠯᠦᠨ ᠪᠤᠶᠢᠷ ᠲᠤ ᠡᠪᠦᠯ ᠤᠨ ᠤᠯᠠᠷᠢᠯ ᠤᠨ ᠲᠠᠮᠢᠷ ᠤᠨ ᠬᠦᠳᠡᠯᠬᠡᠬᠡᠨ ᠬᠢᠬᠦ ᠪᠠᠶᠢᠭᠠᠯᠢ ᠶᠢᠨ ᠨᠦᠬᠦᠴᠡᠯ ᠪᠦᠷᠢᠨ ᠪᠠᠶᠢᠳᠠᠭ ᠠᠴᠠ ᠮᠦᠰᠦ ᠴᠠᠰᠤᠨ ᠤ ᠲᠠᠮᠢᠷ ᠤᠨ ᠬᠦᠳᠡᠯᠬᠡᠬᠡᠨ ᠢ ᠨᠡᠩ ᠬᠦᠨᠲᠦᠳᠬᠡᠨ ᠦᠵᠡᠪᠡᠯ ᠵᠤᠬᠢᠨ᠎ᠠ ᠬᠡᠵᠦ ᠲᠡᠷᠡ ᠦᠵᠡᠵᠦ ᠪᠤᠢ᠃      ᠬᠢᠵᠢᠭ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ᠂ ᠬᠠᠶᠢᠱᠠᠨ ᠪᠠᠰᠠ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠪᠠᠶᠢᠬᠤ ᠨᠢ ᠮᠦᠨ ᠴᠦ ᠤᠯᠤᠰ ᠬᠡᠷ ᠲᠡᠭᠡᠨ ᠬᠤᠪᠢ ᠨᠡᠮᠡᠷᠢ ᠦᠵᠡᠬᠦᠯᠵᠤ ᠪᠠᠶᠢᠬᠤ ᠪᠦ᠋ᠭᠡᠳ ᠨᠡᠶᠢᠬᠡᠮ ᠤᠨ ᠲᠠᠷᠤᠭᠠᠰᠤ ᠶᠢ ᠬᠦᠡᠭᠬᠡᠯᠡᠵᠤ ᠪᠠᠶᠢᠭ᠎ᠠ ᠶᠠᠪᠤᠳᠠᠯ ᠪᠤᠯᠤᠨ᠎ᠠ ᠭᠡᠵᠤ ᠦᠵᠡᠵᠡᠢ᠃ ᠡᠶᠢᠮᠦ ᠶᠢᠨ ᠲᠤᠯᠠᠳᠠ ᠲᠡᠷᠡ ᠤᠯᠠᠨ ᠨᠡᠶᠢᠲᠡ ᠶᠢᠨ ᠪᠡᠶ᠎ᠠ ᠪᠤᠯᠪᠠᠰᠤᠷᠠᠭᠤᠯᠬᠤ ᠲᠠᠯᠠᠪᠤᠷ ᠢ ᠦᠷᠬᠡᠳᠬᠡᠨ᠂ ᠠᠷᠠᠳ ᠤᠯᠠᠨ ᠤ ᠪᠡᠶ᠎ᠠ ᠪᠤᠯᠪᠠᠰᠤᠷᠠᠭᠤᠯᠬᠤ  ᠨᠦᠬᠦᠴᠡᠯ ᠢ ᠨᠡᠩ ᠲᠦᠬᠦᠷᠵᠢᠬᠦᠯᠪᠠᠯ ᠵᠤᠬᠢᠲᠠᠢ ᠭᠡᠬᠦ ᠰᠠᠨᠠᠯ ᠲᠤᠷᠠᠲᠤᠯᠭ᠎ᠠ ᠪᠠᠨ ᠲᠡᠪᠰᠢᠬᠦᠯᠵᠠᠢ᠃     ᠬᠠᠶᠢᠱᠠᠨ ᠤ ᠤᠯᠠᠨ ᠵᠢᠯ ᠤᠨ ᠲᠤᠷᠰᠢᠬᠢ ᠲᠡᠪᠰᠢᠬᠦᠯᠦᠭᠰᠡᠨ ᠰᠠᠨᠠᠯ ᠲᠤᠷᠠᠲᠤᠯᠭ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠦᠨᠲᠦᠳᠬᠡᠯ ᠢ ᠤᠯᠵᠤ᠂ ᠤᠯᠠᠨ ᠨᠡᠶᠢᠳᠡ ᠳᠤ ᠠᠰᠢᠭᠲᠠᠢ ᠮᠠᠰᠢ ᠤᠯᠠᠨ ᠠᠵᠢᠯ ᠬᠢᠭᠳᠡᠭᠰᠡᠨ  ᠠᠵᠢ᠃ ᠲᠡᠷᠡ ᠪᠠᠷ ᠬᠦᠯᠦᠨ ᠪᠤᠶᠢᠷ ᠤᠨ ᠬᠦᠭᠵᠢᠯᠳᠡ ᠪᠤᠯᠤᠨ ᠠᠷᠠᠳ ᠲᠦᠮᠡᠨ ᠤ ᠠᠰᠢᠭ ᠲᠤᠰᠠ ᠶᠢᠨ ᠲᠦᠯᠦᠬᠡ ᠦᠷᠬᠦᠯᠵᠢᠯᠡᠨ ᠴᠢᠷᠮᠠᠶᠢᠨ ᠠᠵᠢᠯᠯᠠᠵᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠡᠬᠦᠷᠬᠡ ᠬᠠᠷᠢᠭᠤᠴᠠᠯᠭ᠎ᠠ ᠪᠠᠨ ᠲᠡᠬᠦᠰ ᠠᠮᠵᠢᠯᠳᠠ ᠲᠠᠢ ᠪᠡᠶᠡᠯᠡᠬᠦᠯᠵᠤ ᠶᠠᠪᠤᠨ᠎ᠠ᠃
 
ᠢᠷᠡᠯᠲᠡ᠄ ᠬᠦᠯᠦᠨ ᠪᠦᠢᠷ ᠬᠤᠲᠠ  ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号