ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠳᠦᠷᠢᠮ︾᠂ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠠᠷᠭ᠎ᠠ︾ ᠵᠢᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠤᠨ ᠳᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠤᠯᠤᠰ | ᠲᠥᠷᠥ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ 7 ᠰᠠᠷ᠎ᠠ ᠶᠢᠨ 14 ᠤ ᠡᠳᠦᠷ᠂ ᠪᠦᠬᠦ ᠬᠤᠲᠠ ᠶᠢᠨ | ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠠᠩᠬᠠᠳᠤᠭᠠᠷ ᠬᠤᠭᠤᠴᠠᠭᠠᠨ ᠤ ᠤᠯᠤᠰ ᠲᠥᠷᠥ ᠶᠢᠨ | ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠠᠩ ᠴᠢᠩ ᠡᠭᠡᠯᠵᠢᠯᠡᠨ ᠪᠣᠯᠪᠠᠰᠤᠷᠠᠭᠤᠯᠬᠤ ᠳᠤ | ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠵᠣᠣ ᠵᠢᠶᠠᠨ ᠨᠠᠨ ᠨᠠᠷ ᠡᠭᠡᠯᠵᠢᠯᠡᠨ ᠪᠣᠯᠪᠠᠰᠤᠷᠠᠭᠤᠯᠬᠤ ᠳᠤ ᠣᠷᠣᠯᠴᠠᠪᠠ᠃ | ᠴᠠᠩ ᠴᠢᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ | ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠨᠡᠶᠢᠭᠡᠮ | ᠵᠢᠷᠤᠮ ᠤᠨ ᠴᠢᠭᠯᠡᠯ ᠢ ᠦᠨᠡᠨ ᠬᠦ ᠪᠠᠲᠤᠯᠠᠬᠤ ᠶᠢᠨ ᠪᠤᠰᠤᠳᠴᠢ ᠬᠡᠷᠡᠭᠴᠡᠭᠡ᠂ ᠰᠢᠨ᠎ᠡ ᠴᠠᠭ ᠦᠶ᠎ᠡ ᠶᠢᠨ ᠤᠯᠤᠰ | ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠵᠣᠬᠢᠴᠠᠭᠤᠯᠬᠤ ᠶᠢᠨ ᠪᠤᠰᠤᠳᠴᠢ | ᠬᠡᠷᠡᠭᠴᠡᠭᠡ ᠮᠥᠨ᠂ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠠᠰᠠᠭᠤᠳᠠᠯ ᠢ ᠰᠢᠶ᠋ᠳᠪᠦᠷᠢᠯᠡᠵᠦ᠂ | ᠥᠨᠳᠥᠷ ᠬᠡᠪ ᠴᠢᠨᠠᠷ ᠪᠦᠬᠦᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ ᠶᠢᠨ ᠪᠤᠰᠤᠳᠴᠢ | ᠬᠡᠷᠡᠭᠴᠡᠭᠡ ᠮᠥᠨ᠃ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢ ᠤᠯᠤᠰ ᠲᠥᠷᠥ | ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠬᠦ ᠶᠢᠨ | ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠠᠴᠠ | ᠭᠠᠷᠳᠠᠵᠤ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠶᠢᠨ ᠲᠦᠯᠦᠭᠡ ᠭᠡᠵᠦ ᠵᠢᠭᠠᠵᠦ ᠭᠠᠷᠭᠠᠵᠠᠢ᠃ | ᠴᠠᠩ ᠴᠢᠩ ᠴᠢᠬᠤᠯᠠᠴᠢᠯᠠᠭᠰᠠᠨ ᠨᠢ᠂ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ | ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠨᠦᠭᠦᠳ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠡᠲᠡᠭᠡᠳ᠂ ᠠᠭᠤᠯᠭ᠎ᠠ᠂ ᠠᠷᠭ᠎ᠠ ᠮᠠᠶ᠋ᠢᠭ | ᠪᠣᠯᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ | ᠬᠡᠷᠡᠭᠲᠡᠶ᠃ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ | ᠠᠵᠢᠯ ᠤᠨ ᠤᠷᠤᠭᠰᠢᠲᠠᠶ ᠥᠷᠨᠢᠬᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ᠪᠣᠯᠪᠠᠰᠤᠷᠠᠯ ᠳᠤ ᠣᠷᠣᠯᠴᠠᠬᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠰᠤᠷᠤᠯᠴᠠᠬᠤ ᠲᠣᠬᠢᠶᠠᠯ ᠢ | ᠨᠠᠨᠳᠢᠩᠨᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ | ᠬᠦᠰᠦᠨᠦᠭᠲᠦ ᠲᠠᠢ ᠬᠠᠷᠢᠴᠠᠭᠤᠯᠤᠨ ᠵᠥᠷᠢ᠊ ᠡᠶ᠎ᠡ ᠪᠠᠨ ᠡᠷᠢᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠰᠢᠨ᠎ᠡ | ᠪᠠᠶᠢᠳᠠᠯ ᠳᠤᠤᠷ᠎ᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠬᠢᠷᠢ | ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ᠂ ᠨᠢᠭᠡᠳᠦᠯᠲᠡᠢ ᠳᠤ ᠲᠥᠯᠥᠪᠵᠢᠭᠦᠯᠦᠨ | ᠠᠬᠢᠭᠤᠯᠬᠤ ᠶᠢ ᠴᠢᠩᠭᠠᠳᠬᠠᠵᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠱᠠᠲᠤ ᠱᠠᠲᠤ | ᠬᠤᠪᠢᠶᠠᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠪᠦᠬᠦ ᠬᠤᠲᠠ ᠶᠢᠨ ᠤᠯᠤᠰ ᠲᠥᠷᠥ | ᠬᠠᠤᠯᠢ ᠴᠠᠭᠠᠵᠠ ᠶᠢᠨ ᠡᠩᠨᠡᠭᠡᠨ ᠤ ︽ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠳᠡᠰ ᠳᠡᠪᠰᠢᠭᠦᠯᠬᠦ ᠶᠢ ᠠᠬᠢᠭᠤᠯᠵᠤ᠂ | ᠳᠦᠷᠢ ᠲᠥᠷᠬᠦ ᠶᠢ ᠪᠣᠶ ᠪᠣᠯᠭᠠᠬᠤ︾ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠯᠲᠡ ᠲᠠᠢ | ᠤᠶᠠᠯᠳᠤᠭᠤᠯᠬᠤ ᠶᠢ ᠪᠠᠷᠢᠮᠲᠠᠯᠠᠵᠠᠶ᠃ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠰᠤᠷᠤᠯᠴᠠᠯᠭ᠎ᠠ ᠶᠢᠨ | ᠦᠷ᠎ᠡ ᠪᠦᠲᠦᠮᠵᠢ ᠶᠢ ᠲᠠᠰᠤᠷᠠᠯᠲᠠ ᠦᠭᠡᠢ ᠦᠷᠭᠡᠳᠭᠡᠬᠦ ᠬᠡᠷᠡᠭᠲᠡᠢ ᠭᠡᠵᠡᠢ᠃ | ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ᠂ | ᠥᠪᠥᠷ ᠮᠣᠩᠭᠤᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠬᠡᠯᠲᠡᠰ ᠤᠨ | ᠡᠷᠬᠢᠯᠡᠭᠴᠢ ᠬᠤ ᠸᠠᠩ ᠸᠧᠶ ᠫᠷᠤᠹᠤᠰᠰᠤᠷ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠤᠯᠤᠰ | ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠭᠰᠡᠨ ᠪᠠᠶᠢᠨ᠎ᠠ᠃ |