ᠤᠶᠢᠷ᠎ᠠ ᠳᠤ᠂ ᠵᠠᠯᠠᠶᠢᠨᠠᠭᠤᠷ ᠲᠤᠭᠤᠷᠢᠭ ᠤᠨ ᠨᠠᠮ ᠤᠨ ᠬᠤᠷᠢᠶ᠎ᠠ 2019 ᠣᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 7 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠶᠢ ᠵᠣᠬᠢᠶᠠᠨ ᠪᠠᠶᠢᠭᠤᠯᠵᠤ᠂ ︽ᠦᠵᠡᠯ | ᠰᠠᠨᠠᠭ᠎ᠠ ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠲᠠᠶ ᠦᠢᠯᠡᠳᠦᠯᠭᠡᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠨᠠᠢᠮᠠᠨ ᠲᠠᠯ᠎ᠠ ᠶᠢᠨ | ᠠᠭᠤᠯᠭ᠎ᠠ ᠳᠤ ᠲᠥᠪᠯᠡᠷᠡᠭᠦᠯᠦᠨ ᠬᠠᠪᠰᠤᠷᠤᠨ ᠵᠢᠯᠣᠭᠤᠳᠪᠠ᠃ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ | ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠵᠠᠰᠠᠭ ᠤᠨ ᠤᠷᠳᠤᠨ ᠤ ᠨᠠᠮ ᠤᠨ | ᠬᠤᠷᠢᠶᠠᠨ ᠤ ᠤᠨᠤᠯ ᠰᠤᠷᠤᠯᠴᠠᠬᠤ ᠲᠥᠪ ᠤᠨ ᠳᠤᠭᠤᠶᠢᠯᠠᠩ ᠤᠨ ᠪᠦᠷᠢᠯᠳᠦᠬᠦᠨ᠂ ᠭᠠᠵᠠᠷ ᠤᠨ ᠲᠡᠰ ᠤᠨ | ᠤᠳᠤᠷᠢᠳᠬᠤ ᠺᠠᠳ᠋ᠷ ᠰᠤᠷᠤᠯᠴᠠᠯᠭ᠎ᠠ ᠳᠤ ᠣᠷᠣᠯᠴᠠᠪᠠ᠃ | ᠭᠤᠤ ᠸᠧᠨ ᠾᠧ᠂ ᠵᠤᠤ ᠵᠢᠶᠠᠨ ᠪᠥᠸᠧ᠂ ᠭᠤᠤ ᠱᠧᠩ᠂ ᠯᠢᠦ ᠫᠢ ᠯᠢᠨ ᠵᠡᠷᠭᠡ ᠭᠤᠤᠯ ᠳᠤᠭᠤᠢᠯᠠᠩ ᠤᠨ | ᠭᠡᠰᠢᠭᠦᠨ ᠲᠣᠰ ᠲᠣᠰ ᠳᠠᠭᠠᠭᠤᠯᠤᠨ ᠰᠤᠷᠤᠯᠴᠠᠵᠤ᠂ ᠰᠤᠷᠤᠯᠭ᠎ᠠ ᠳᠤ ᠣᠷᠣᠯᠴᠠᠭᠰᠠᠳ ᠬᠠᠮᠲᠤ ᠪᠠᠷ ᠰᠤᠳᠤᠯᠤᠨ | ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠥᠬᠡᠶ ᠬᠥᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠥᠭᠡᠷᠡᠴᠢᠯᠡᠯᠲᠡ ᠨᠡᠭᠡᠭᠡᠯᠲᠡ᠂ ᠨᠢᠭᠡ ᠪᠦᠰᠡ ᠨᠢᠭᠡ ᠵᠠᠮ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠤᠪᠸᠢ ᠶᠢᠨ ᠬᠠᠮᠵᠢᠯᠴᠠᠨ ᠬᠥᠭᠵᠢᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ | ᠲᠣᠭᠲᠠᠭᠤᠨ ᠪᠠᠶᠢᠬᠤ᠂ ᠰᠣᠶᠣᠯ ᠤᠨ ᠪᠠᠶᠢᠭᠤᠯᠤᠯᠲᠠ ᠵᠢᠴᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠵᠡᠷᠭᠡ ᠲᠠᠯ᠎ᠠ ᠪᠠᠷ ᠬᠢ | ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠪᠠ᠃ | ᠭᠤᠤ ᠸᠧᠨ ᠾᠧ ᠱᠦᠵᠢ ᠴᠢᠬᠤᠯᠠᠴᠢᠯᠠᠭᠰᠠᠨ ᠨᠢ᠂ ︽ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠲᠠᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ︾ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠦᠷᠨᠢᠭᠦᠯᠵᠦ ᠪᠠᠶᠢᠭ᠎ᠠ ᠶᠢᠨ ᠵᠣᠷᠢᠯᠭ᠎ᠠ ᠨᠢ | ᠰᠤᠷᠤᠯᠴᠠᠯᠭ᠎ᠠ ᠪᠠᠷ ᠳᠠᠬᠢᠨ ᠬᠦᠴᠦᠯᠡᠨ ᠲᠠᠨᠢᠯᠲᠠ ᠪᠠᠨ ᠳᠡᠭᠡᠭᠰᠢᠯᠡᠭᠦᠯᠵᠦ᠂ ᠦᠢᠯᠡᠳᠦᠯᠭᠡ ᠪᠠᠨ ᠳᠠᠬᠢᠨ | ᠭᠦᠨᠵᠡᠭᠡᠶᠢᠷᠡᠭᠦᠯᠬᠦ ᠶᠢᠨ ᠲᠥᠯᠥᠭᠡ ᠶᠤᠮ᠂ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠺᠠᠳ᠋ᠷ ᠣᠯᠠᠨ ᠲᠦᠮᠡ ᠤ ᠲᠠᠷᠢᠬᠢ ᠲᠣᠯᠣᠭᠠᠶ ᠳᠤ ᠭᠦᠨ ᠦᠨᠳᠦᠰᠦᠯᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠦ᠂ | ᠠᠰᠠᠭᠤᠳᠠᠯ ᠢ ᠰᠢᠢᠳᠪᠦᠷᠢᠯᠡᠬᠦ ᠠᠷᠭ᠎ᠠ ᠬᠦᠴᠦᠨ ᠢ ᠣᠯᠬᠤ ᠶᠢᠨ ᠲᠥᠯᠥᠭᠡ ᠶᠤᠮ᠃ ᠭᠤᠤ ᠸᠧᠨ ᠾᠧ | ᠱᠦᠵᠢ ᠶᠢᠨ ᠱᠠᠭᠠᠷᠳᠠᠨᠰᠠᠨ ᠨᠢ᠂ ᠤᠳᠤᠷᠢᠳᠬᠤ ᠺᠠᠳ᠋ᠷᠴᠤᠳ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ | ᠪᠡᠶ᠎ᠡ ᠪᠠᠷ ᠢᠶᠠᠨ ᠬᠢᠬᠦ᠂ ᠬᠤᠶᠠᠷ ᠲᠠᠯ᠎ᠠ ᠪᠠᠷ ᠠᠳᠬᠤᠬᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠬᠡᠯᠪᠡᠷᠢᠴᠢ | ᠦᠵᠡᠯ᠂ ︽ᠬᠤᠶᠠᠷ ᠬᠠᠯᠢᠰᠤ︾ ᠵᠡᠷᠭᠡ ᠦᠵᠡᠭᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠡᠢ᠃ | |