ᠵᠠᠯᠠᠶᠢᠨᠠᠭᠤᠷ ᠲᠣᠭᠤᠷᠢᠭ ᠬᠥᠯᠥᠨ ᠪᠤᠶᠢᠷ ᠬᠤᠲᠠ ᠶᠢᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠠᠰ ᠳᠡᠪᠰᠢᠬᠦ ᠪᠠᠶᠢᠴᠠᠭᠠᠯᠲᠠ ᠶᠢ ᠤᠭᠲᠤᠪᠠ
ᠨᠡᠶᠢᠲᠡᠯᠡᠭᠰᠡᠨ ᠴᠠᠭ᠄
2020/7/17
    ᠠᠷᠠᠳ ᠠᠴᠠ  ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠶᠢ ᠤᠯᠠᠮ ᠨᠢᠭᠡ ᠠᠯᠬᠤᠮ ᠵᠣᠷᠢᠭᠵᠢᠭᠤᠯᠤᠨ ᠬᠥᠲᠥᠯᠥᠨ ᠵᠢᠯᠣᠭᠤᠳᠬᠤ ᠪᠠ ᠲᠡᠳᠬᠦᠨ ᠳᠡᠮᠵᠢᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠠᠬᠤ ᠶᠢᠨ ᠲᠦᠯᠦᠭᠡ᠂ 2020 ᠣᠨ ᠤ 7 ᠳ᠋ᠤᠭᠠᠷ ᠰᠠᠷ᠎ᠠ ᠶᠢᠨ 13 ᠤ ᠡᠳᠦᠷ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠ ᠤ ᠣᠨᠴᠠᠭᠠᠶ ᠬᠡᠤᠬᠡᠳ ᠤᠨ ᠰᠤᠷᠭᠠᠨ ᠬᠥᠮᠦᠵᠢᠯ ᠤᠨ ᠰᠠᠯᠠᠭᠠᠨ ᠤ ᠳᠠᠷᠤᠭ᠎ᠠ ᠵᠠᠩ ᠶᠦᠩ ᠬᠤᠩ᠂ ᠡᠷᠭᠦᠨ᠎ᠡ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠳᠠᠷᠤᠭ᠎ᠠ ᠯᠢᠦ ᠶᠢᠩ᠂ ᠡᠸᠡᠩᠬᠢ ᠬᠤᠶᠠᠳᠤᠭᠠᠷ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠳᠠᠷᠤᠭ᠎ᠠ ᠮᠢ ᠲᠤᠶᠠᠭ᠎ᠠ ᠭᠤᠷᠪᠠᠭᠤᠯᠠ ᠵᠠᠯᠠᠶᠢᠨᠠᠭᠤᠷ ᠲᠣᠭᠤᠷᠢᠭ ᠲᠤ ᠬᠦᠷᠴᠦ ᠠᠷᠠᠳ  ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠠᠰ ᠳᠡᠪᠰᠢᠬᠦ ᠲᠦᠭᠡᠮᠡᠯ ᠬᠠᠷᠠᠭᠠᠯᠵᠠᠯ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠲᠤᠰᠬᠠᠶ ᠪᠠᠶᠢᠴᠠᠭᠠᠯᠲᠠ ᠶᠢᠨ ᠠᠵᠢᠯ ᠬᠢᠪᠠ᠃ ᠪᠠᠶᠢᠴᠠᠭᠠᠬᠤ ᠳᠤᠭᠤᠶᠢᠯᠠᠩ ᠵᠠᠯᠠᠶᠢᠨᠠᠭᠤᠷ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠳ᠋ᠦᠩ ᠪᠦᠦ ᠭᠠᠩ᠂ ᠬᠡᠤᠬᠡᠳ ᠤᠨ ᠰᠤᠷᠭᠠᠨ ᠬᠥᠮᠦᠵᠢᠯ ᠤᠨ ᠰᠠᠯᠠᠭᠠᠨ ᠤ ᠡᠷᠬᠢᠯᠡᠭᠴᠢ ᠸᠠᠩ ᠬᠦᠶ ᠮᠧᠶ᠂ ᠬᠡᠤᠬᠡᠳ ᠤᠨ ᠰᠤᠷᠭᠠᠨ ᠬᠦᠮᠦᠵᠢᠯ ᠤᠨ ᠠᠵᠢᠯᠲᠠᠨ ᠵᠦ ᠶᠢᠩ ᠰᠢᠨ ᠪᠠᠷ᠎ᠠ ᠪᠤᠯᠤᠯᠭ᠎ᠠ ᠲᠠᠢ ᠪᠠᠷ᠂ ᠵᠠᠯᠠᠶᠢᠨᠠᠭᠤᠷ ᠲᠣᠭᠤᠷᠢᠭ ᠤᠨ  ᠶᠠᠩ  ᠭᠤᠸᠠᠩ  ᠪᠣᠣ ᠪᠧᠢ ᠬᠡᠤᠬᠡᠳ ᠤᠨ ᠴᠡᠴᠡᠷᠯᠢᠭ᠂ ᠳ᠋ᠦᠩ  ᠭᠧ ᠬᠡᠤᠬᠡᠳ ᠤᠨ ᠴᠡᠴᠡᠷᠯᠢᠭ ᠬᠤᠶᠠᠷ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ  ᠲᠤ 2 ᠡᠳᠦᠷ ᠤᠨ ᠬᠤᠭᠤᠴᠠᠭ᠎ᠠ ᠲᠠᠢ ᠲᠦᠭᠡᠮᠡᠯ ᠬᠠᠷᠠᠭᠠᠯᠵᠠᠯᠲᠤ ᠴᠡᠴᠡᠷᠯᠢᠭ ᠤᠨ ᠲᠠᠰ ᠳᠡᠪᠰᠢᠭᠦᠯᠬᠦ ᠪᠠᠶᠢᠴᠠᠭᠠᠯᠲᠠ ᠬᠢᠭᠰᠡᠨ ᠪᠠᠢᠨ᠎ᠠ᠃     ᠪᠠᠶᠢᠴᠠᠭᠠᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤᠨᠢ ᠣᠷᠴᠢᠨ ᠲᠣᠭᠤᠷᠢᠨ ᠢ ᠪᠠᠶᠢᠴᠠᠭᠠᠨ ᠦᠵᠡᠬᠦ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠠᠩᠭᠢ ᠳᠠᠭᠠᠵᠤ ᠬᠡᠦᠬᠡᠳ ᠤᠨ ᠬᠥᠳᠡᠯᠭᠡᠭᠡᠨ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠭᠢᠯᠡᠬᠦ ᠨᠥᠬᠦᠴᠡᠯ᠂ ᠬᠡᠤᠬᠡᠳ ᠤᠨ ᠴᠡᠴᠡᠷᠯᠢᠭ ᠡᠷᠭᠢᠯᠡᠬᠦ ᠶᠢ ᠵᠢᠷᠦᠮᠵᠢᠭᠤᠯᠬᠤ᠂ ᠠᠰᠠᠷᠠᠨ ᠬᠥᠮᠦᠵᠢᠭᠦᠯᠬᠦ ᠶᠠᠰᠤ ᠴᠢᠨᠠᠷ᠂ ᠴᠡᠴᠡᠷᠯᠢᠭ ᠤᠨ ᠭᠠᠵᠠᠷ ᠤᠨ ᠬᠠᠮᠢᠶᠠᠷᠤᠯᠲᠠ ᠵᠡᠷᠭᠡ ᠠᠵᠢᠯ ᠢ ᠴᠢᠩᠭ᠎ᠠ ᠨᠢᠮᠪᠠᠶ ᠪᠠᠶᠢᠴᠠᠭᠠᠵᠤ ᠰᠢᠯᠭᠠᠨ ᠠᠪᠤᠪᠠ᠃ ᠪᠠᠶᠢᠴᠠᠭᠠᠬᠤ ᠶᠠᠪᠤᠴᠠ ᠳᠤ ᠳᠤᠭᠤᠶᠢᠯᠠᠩ ᠤᠨ ᠤᠳᠤᠷᠢᠳᠤᠯᠭ᠎ᠠ ᠠᠷᠠᠳ ᠠᠴᠠ ᠡᠷᠬᠢᠯᠡᠭᠰᠡᠨ ᠬᠤᠶᠠᠷ ᠬᠡᠤᠬᠡᠳ ᠤᠨ ᠴᠡᠴᠡᠷᠯᠢᠭ ᠤᠨ ᠡᠯ᠎ᠡ ᠵᠦᠶ᠋ᠯ ᠤᠨ ᠠᠵᠢᠯ ᠳᠤ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠵᠤ ᠵᠣᠷᠢᠭᠵᠢᠭᠤᠯᠵᠠᠶ᠃ ᠡᠭᠦᠨ ᠤ ᠬᠠᠮᠲᠤ ᠪᠠᠰᠠ ᠵᠠᠷᠢᠮ ᠪᠣᠳᠠᠲᠠᠶ ᠠᠰᠠᠭᠤᠳᠠᠯ ᠳᠤ ᠴᠢᠭᠯᠡᠭᠦᠯᠦᠨ ᠵᠦᠶ ᠵᠣᠬᠢᠰᠲᠠᠶ ᠵᠢᠯᠣᠭᠤᠳᠣᠯᠭ᠎ᠠ ᠪᠠ ᠰᠠᠨᠠᠭᠤᠯᠭ᠎ᠠ ᠭᠠᠷᠭᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号