ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2020/7/17
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ︾᠂ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠠᠷᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠤᠯᠤᠰ ᠲᠥᠷᠥ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ 7 ᠰᠠᠷ᠎ᠠ ᠶᠢᠨ 14 ᠤ ᠡᠳᠦᠷ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠠᠩᠬᠠᠳᠤᠭᠠᠷ ᠬᠤᠭᠤᠴᠠᠭᠠᠨ ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠠᠩ ᠴᠢᠩ ᠡᠭᠡᠯᠵᠢᠯᠡᠨ ᠪᠣᠯᠪᠠᠰᠤᠷᠠᠭᠤᠯᠬᠤ  ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠣᠣ ᠵᠢᠶᠠᠨ ᠨᠠᠨ ᠨᠠᠷ ᠡᠭᠡᠯᠵᠢᠯᠡᠨ ᠪᠣᠯᠪᠠᠰᠤᠷᠠᠭᠤᠯᠬᠤ ᠳᠤ ᠣᠷᠣᠯᠴᠠᠪᠠ᠃     ᠴᠠᠩ ᠴᠢᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠬᠢᠵᠦ ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠨᠡᠶᠢᠭᠡᠮ ᠵᠢᠷᠤᠮ ᠤᠨ ᠴᠢᠭᠯᠡᠯ ᠢ ᠦᠨᠡᠨ ᠬᠦ ᠪᠠᠲᠤᠯᠠᠬᠤ ᠶᠢᠨ ᠪᠤᠰᠤᠳᠴᠢ ᠬᠡᠷᠡᠭᠴᠡᠭᠡ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠵᠣᠬᠢᠴᠠᠭᠤᠯᠬᠤ ᠶᠢᠨ ᠪᠤᠰᠤᠳᠴᠢ ᠬᠡᠷᠡᠭᠴᠡᠭᠡ ᠮᠥᠨ᠂ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠠᠰᠠᠭᠤᠳᠠᠯ ᠢ ᠰᠢᠶ᠋ᠳᠪᠦᠷᠢᠯᠡᠵᠦ᠂ ᠥᠨᠳᠥᠷ ᠬᠡᠪ ᠴᠢᠨᠠᠷ ᠪᠦᠬᠦᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ ᠶᠢᠨ ᠪᠤᠰᠤᠳᠴᠢ ᠬᠡᠷᠡᠭᠴᠡᠭᠡ ᠮᠥᠨ᠃ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠠᠴᠠ ᠭᠠᠷᠳᠠᠵᠤ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠦᠯᠦᠭᠡ ᠭᠡᠵᠦ ᠵᠢᠭᠠᠵᠦ ᠭᠠᠷᠭᠠᠵᠠᠢ᠃     ᠴᠠᠩ ᠴᠢᠩ ᠴᠢᠬᠤᠯᠠᠴᠢᠯᠠᠭᠰᠠᠨ ᠨᠢ᠂ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠨᠦᠭᠦᠳ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠡᠲᠡᠭᠡᠳ᠂ ᠠᠭᠤᠯᠭ᠎ᠠ᠂ ᠠᠷᠭ᠎ᠠ ᠮᠠᠶ᠋ᠢᠭ ᠪᠣᠯᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠤᠨ ᠤᠷᠤᠭᠰᠢᠲᠠᠶ ᠥᠷᠨᠢᠬᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠪᠣᠯᠪᠠᠰᠤᠷᠠᠯ ᠳᠤ ᠣᠷᠣᠯᠴᠠᠬᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠰᠤᠷᠤᠯᠴᠠᠬᠤ ᠲᠣᠬᠢᠶᠠᠯ ᠢ ᠨᠠᠨᠳᠢᠩᠨᠠᠨ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠬᠦᠰᠦᠨᠦᠭᠲᠦ ᠲᠠᠢ ᠬᠠᠷᠢᠴᠠᠭᠤᠯᠤᠨ ᠵᠥᠷᠢ᠊ ᠡᠶ᠎ᠡ ᠪᠠᠨ ᠡᠷᠢᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠰᠢᠨ᠎ᠡ ᠪᠠᠶᠢᠳᠠᠯ  ᠳᠤᠤᠷ᠎ᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ᠂ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠵᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠱᠠᠲᠤ ᠱᠠᠲᠤ ᠬᠤᠪᠢᠶᠠᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ︽ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠳᠡᠰ ᠳᠡᠪᠰᠢᠭᠦᠯᠬᠦ ᠶᠢ ᠠᠬᠢᠭᠤᠯᠵᠤ᠂ ᠳᠦᠷᠢ ᠲᠥᠷᠬᠦ ᠶᠢ ᠪᠣᠶ ᠪᠣᠯᠭᠠᠬᠤ︾ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠯᠲᠡ ᠲᠠᠢ ᠤᠶᠠᠯᠳᠤᠭᠤᠯᠬᠤ ᠶᠢ ᠪᠠᠷᠢᠮᠲᠠᠯᠠᠵᠠᠶ᠃ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠦᠷᠭᠡᠳᠭᠡᠬᠦ ᠬᠡᠷᠡᠭᠲᠡᠢ ᠭᠡᠵᠡᠢ᠃     ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠬᠡᠯᠲᠡᠰ ᠤᠨ ᠡᠷᠬᠢᠯᠡᠭᠴᠢ ᠬᠤ ᠸᠠᠩ ᠸᠧᠶ ᠫᠷᠤᠹᠤᠰᠰᠤᠷ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠭᠰᠡᠨ ᠪᠠᠶᠢᠨ᠎ᠠ᠃
ᠢᠷᠡᠯᠲᠡ᠄ ᠲᠣᠲᠣᠷᠬᠠᠢ ᠦᠭᠡᠢ