ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠳᠠ ᠶᠢᠨ ᠠᠵᠢᠯ ᠤᠨ | ᠲᠤᠬᠢᠷᠠᠭᠤᠯᠭ᠎ᠠ ᠪᠠᠷ᠂ 8 ᠰᠠᠷ᠎ᠠ ᠶᠢᠨ 12 ᠤᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ | ᠬᠤᠷᠢᠶ᠎ᠠ ᠨᠡᠭᠦᠷᠡᠰᠤᠨ ᠤ ᠡᠬᠢ ᠪᠠᠶᠠᠯᠢᠭ ᠤᠨ ᠬᠥᠷᠢᠶᠡᠨ ᠳᠠᠬᠢ ᠲᠤᠰᠬᠠᠢ ᠲᠥᠷᠤᠯ ᠤᠨ ᠲᠤᠭᠤᠷᠢᠨ ᠪᠠᠶᠢᠴᠠᠭᠠᠯᠳᠠ ᠶᠢᠨ | ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠨᠢ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠲᠤᠭᠤᠷᠢᠨ | ᠪᠠᠶᠢᠴᠠᠭᠠᠯᠳᠠ ᠶᠢᠨ ᠠᠵᠢᠯ ᠤᠨ ᠲᠠᠯ᠎ᠠ ᠪᠠᠷ ᠬᠢ ᠰᠢᠨ᠎ᠡ ᠪᠠᠶᠢᠷᠢᠯᠠᠭᠤᠯᠤᠯᠳᠠ ᠰᠢᠨ᠎ᠡ ᠱᠠᠭᠠᠷᠳᠠᠯᠭ᠎ᠠ ᠶᠢ ᠭᠥᠨᠵᠡᠭᠡᠢ | ᠰᠤᠷᠤᠯᠴᠠᠨ ᠤᠢᠢᠯᠠᠭᠠᠵᠤ᠂ ᠶᠡᠷᠤᠩᠬᠡᠢ ᠱᠥᠵᠢ ᠰᠢ ᠶᠢᠨ ᠫᠢᠡᠭ ᠤᠨ ᠥᠪᠡᠷᠳᠡᠭᠡᠨ ᠵᠠᠰᠠᠬᠤ ᠤᠷᠤᠨ ᠨᠡᠭᠦᠷᠡᠰᠤᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠥᠷᠢᠮ ᠢ ᠵᠥᠷᠢᠴᠡᠭᠰᠡᠨ ᠠᠰᠠᠭᠤᠳᠠᠯ ᠢ ᠲᠤᠰᠬᠠᠢᠢᠯᠠᠨ ᠴᠡᠭᠴᠡᠯᠡᠨ | ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠱᠠᠭᠠᠷᠳᠠᠯᠭ᠎ᠠ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠳᠡᠭᠡᠨ ᠵᠠᠰᠠᠬᠤ ᠤᠷᠤᠨ ᠤ ᠨᠠᠮ ᠤ ᠬᠤᠷᠢᠶᠠᠨ ᠤ ᠬᠤᠶᠠᠳᠤᠭᠠᠷ | ᠲᠤᠭᠤᠷᠢᠨ ᠪᠠᠶᠢᠴᠠᠭᠠᠯᠳᠠ ᠶᠢᠨ ᠳᠤᠭᠤᠢᠢᠯᠠᠩ ᠤᠨ ᠮᠠᠨ ᠤ ᠬᠤᠳᠠ ᠶᠢᠨ ᠨᠡᠭᠦᠷᠡᠰᠤᠨ ᠤ ᠡᠬᠢ ᠪᠠᠶᠠᠯᠢᠭ ᠤᠨ | ᠬᠦᠷᠢᠶᠡᠨ ᠳᠤ ᠲᠤᠰᠬᠠᠢᠢᠯᠠᠨ ᠲᠤᠭᠤᠷᠢᠨ ᠪᠠᠶᠢᠴᠠᠭᠠᠯᠳᠠ ᠬᠢᠭᠡᠳ ᠲᠤᠰᠬᠠᠭᠰᠠᠨ ᠰᠠᠨᠠᠯ ᠤᠨ ᠲᠤᠭᠤᠷᠢᠨ ᠳᠤ᠂ | ᠥᠪᠡᠷ ᠤᠨ ᠪᠡᠶ᠎ᠡ ᠶᠢᠨ ᠪᠠᠶᠢᠴᠠᠭᠠᠯᠳᠠ ᠲᠠᠢ ᠬᠠᠷᠭᠤᠭᠤᠯᠥᠨ᠂ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠴᠠᠭᠠᠯᠳᠠ | ᠬᠢᠵᠤ᠂ ᠤᠯᠤᠰ ᠲᠥᠷᠤ ᠶᠢᠨ ᠵᠤᠭᠰᠤᠴᠠ ᠪᠠᠨ ᠳᠡᠭᠡᠭᠰᠢᠯᠡᠭᠦᠯᠵᠤ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ | ᠴᠢᠩᠭᠠᠷᠠᠭᠤᠯᠵᠤ᠂ ᠰᠢᠯᠳᠠᠭᠠᠨ ᠢ ᠭᠥᠨᠵᠡᠭᠡᠢ ᠵᠠᠳᠠᠯᠵᠤ᠂ ᠴᠢᠷᠮᠠᠶᠢᠨ ᠳᠠᠪᠰᠢᠬᠤ ᠴᠢᠭᠯᠡᠯ ᠢ ᠳᠤᠳᠤᠷᠬᠠᠢᠢᠯᠠᠵᠤ᠂ ᠡᠷᠡᠰ | ᠴᠡᠭᠴᠡᠯᠡᠨ ᠨᠠᠶᠢᠳᠠᠪᠤᠷᠢᠵᠢᠭᠤᠯᠵᠤ᠂ ᠨᠡᠩ ᠬᠥᠴᠤᠯᠡᠨ ᠴᠢᠷᠮᠠᠶᠢᠵᠤ᠂ ᠲᠤᠰᠬᠠᠢ ᠲᠥᠷᠤᠯ ᠤᠨ ᠴᠡᠭᠴᠡᠯᠡᠨ ᠵᠠᠰᠠᠬᠤ | ᠠᠵᠢᠯ ᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠨᠡᠭᠦᠷᠡᠰᠤᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ | ᠲᠥᠷᠤᠯ ᠤᠨ ᠲᠤᠭᠤᠷᠢᠨ ᠪᠠᠶᠢᠴᠠᠭᠠᠯᠳᠠ ᠶᠢᠨ ᠲᠤᠰᠬᠠᠭᠰᠠᠨ ᠠᠰᠠᠭᠤᠳᠠᠯ ᠢ ᠪᠥᠬᠦ ᠬᠥᠴᠤᠨ ᠢᠶᠠᠷ ᠴᠡᠭᠴᠡᠯᠡᠨ | ᠥᠭᠡᠷᠡᠴᠢᠯᠡᠵᠤ᠂ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠥᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠪᠤᠳᠠᠳᠠᠢ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ | ᠪᠤᠳᠠᠳᠠᠢ ᠠᠵᠢᠯᠯᠠᠭ᠎ᠠ ᠪᠠᠷ ᠢᠶᠠᠨ ︽ᠬᠤᠶᠠᠷ ᠢ ᠬᠥᠷᠢᠶᠡᠯᠡᠬᠦ︾ ᠶᠢ ᠤᠢᠢᠯᠡᠳᠤᠯᠭᠡᠵᠢᠭᠦᠯᠪᠡ᠃ | ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠬᠤᠷᠠᠯ ᠡᠷᠬᠢᠯᠡᠵᠤ᠂ ᠵᠢᠶᠠᠩ ᠬᠤᠨᠭ᠌᠂ ᠴᠠᠩ | ᠴᠢᠩ ᠵᠡᠷᠭᠡ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ ᠬᠤᠷᠠᠯ ᠳᠤ ᠤᠷᠤᠯᠴᠠᠵᠤ᠂ ᠬᠤᠳᠠ ᠶᠢᠨ | ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠤᠨ | ᠱᠥᠵᠢ ᠴᠧᠨ ᠯᠢ ᠰᠢᠨ ᠬᠤᠷᠠᠯ ᠳᠤ ᠰᠤᠯᠠ ᠤᠷᠤᠯᠴᠠᠵᠤ᠂ ᠥᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠳᠤᠭᠤᠷᠢᠨ ᠪᠠᠶᠢᠴᠠᠭᠠᠯᠳᠠ ᠶᠢᠨ ᠠᠯᠪᠠᠨ ᠭᠡᠷ ᠤᠨ ᠬᠠᠮᠢᠶ᠎ᠠ ᠪᠥᠬᠦᠢ ᠬᠠᠷᠢᠭᠤᠴᠠᠯᠭᠠᠳᠠᠨ ᠨᠥᠬᠦᠳ ᠬᠤᠷᠠᠯ ᠳᠤ | ᠤᠷᠤᠯᠴᠠᠵᠤ ᠵᠢᠭᠠᠨ ᠵᠢᠯᠤᠭᠤᠳᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠲᠤᠰ ᠤᠳᠠᠭᠠᠨ ᠤ ᠲᠤᠰᠬᠠᠢ ᠰᠡᠳᠤᠪᠳᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠤ ᠬᠡᠮᠵᠢᠶ᠎ᠡ ᠪᠠᠷ ᠬᠥᠨᠳᠤᠳᠭᠡᠨ ᠥᠵᠡᠵᠤ᠂ ᠬᠤᠷᠠᠯ ᠠᠴᠠ ᠡᠮᠤᠨ᠎ᠡ | ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠳ ᠭᠤᠤᠯ ᠰᠡᠳᠤᠪ ᠲᠤ ᠠᠩᠬᠠᠷᠤᠯ ᠢᠶᠠᠨ | ᠲᠥᠪᠯᠡᠷᠡᠭᠦᠯᠵᠤ᠂ ᠤᠨᠤᠯ ᠤᠨ ᠰᠤᠷᠤᠯᠴᠠᠯᠭ᠎ᠠ ᠶᠢ ᠭᠥᠨᠵᠡᠭᠡᠢ ᠥᠷᠨᠢᠭᠦᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ | ᠬᠤᠷᠢᠶᠠᠵᠤ᠂ ᠢᠳᠡᠪᠬᠢᠲᠡᠢ ᠪᠠᠷ ᠶᠠᠷᠢᠯᠴᠠᠭ᠎ᠠ ᠥᠷᠨᠢᠭᠦᠯᠵᠤ᠂ ᠵᠠᠳᠠᠯᠤᠯᠳᠠ ᠶᠢᠨ ᠪᠢᠴᠢᠭ ᠮᠠᠲ᠋ᠧᠷᠢᠶᠠᠯ ᠢ ᠨᠠᠷᠢᠨ | ᠬᠢᠨᠠᠮᠠᠭᠠᠢ ᠳᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠤᠷ ᠬᠤᠷᠠᠯᠳᠤᠭᠤᠯᠬᠤ ᠳᠤ ᠮᠠᠰᠢ | ᠰᠠᠶᠢᠨ ᠰᠠᠭᠤᠷᠢ ᠶᠢ ᠳᠠᠯᠪᠢᠵᠠᠢ᠃ | ᠢᠤᠢ ᠯᠢ ᠰᠢᠨ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠡᠮᠤᠨ᠎ᠡ ᠠᠴᠠ | ᠬᠠᠷᠭᠤᠭᠤᠯᠬᠤ ᠪᠠᠶᠢᠴᠠᠭᠠᠯᠳᠠ ᠬᠢᠭᠰᠡᠨ ᠪᠦᠭᠡᠳ ᠲᠥᠷᠦᠭᠦᠯᠡᠨ ᠬᠤᠪᠢ ᠬᠥᠮᠤᠨ ᠤ ᠬᠠᠷᠭᠤᠭᠤᠯᠬᠤ ᠪᠠᠶᠢᠴᠠᠭᠠᠯᠳᠠ | ᠬᠢᠵᠤ᠂ ᠰᠠᠨᠠᠭᠠᠴᠢᠯᠠᠭ᠎ᠠ ᠠᠴᠠ ᠪᠠᠨ ᠰᠢᠭᠦᠮᠵᠢᠯᠡᠯ ᠬᠥᠯᠢᠶᠡᠵᠡᠢ᠃ ᠪᠤᠰᠤᠳ ᠪᠠᠶᠢᠡᠭᠭᠤ ᠶᠢᠨ ᠭᠡᠰᠢᠭᠦᠳ ᠮᠥᠨ ᠨᠢᠭᠡ | ᠨᠢᠭᠡ ᠪᠠᠷ ᠬᠤᠪᠢ ᠬᠥᠮᠤᠨ ᠤ ᠬᠠᠷᠭᠤᠭᠤᠯᠬᠤ ᠪᠠᠶᠢᠴᠠᠭᠠᠯᠳᠠ ᠬᠢᠭᠰᠡᠨ ᠪᠥᠭᠡᠳ ᠬᠠᠷᠢᠯᠴᠠᠨ ᠰᠢᠭᠦᠮᠵᠢᠯᠡᠯ ᠬᠢᠵᠡᠢ᠃ | ᠢᠤᠢ ᠯᠢ ᠰᠢᠨ ᠳ᠋ᠥ᠋ᠩᠨᠡᠯᠳᠡ ᠬᠢᠬᠦ ᠥᠶ᠎ᠡ ᠳᠤ ᠵᠢᠭᠠᠵᠤ ᠭᠠᠷᠭᠠᠬᠤ ᠳᠠᠭᠠᠨ᠂ ᠲᠤᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠯᠠᠨ ᠢᠶᠠᠷ ᠢᠶᠠᠨ ᠭᠤᠤᠯ ᠰᠡᠳᠤᠪ ᠤᠨ ᠲᠤᠭᠤᠷᠢᠨ ᠳᠤ ᠠᠰᠠᠭᠤᠳᠠᠯ ᠢ | ᠭᠥᠨᠵᠡᠭᠡᠢ ᠪᠠᠶᠢᠴᠠᠭᠠᠨ ᠳᠡᠯᠭᠡᠵᠤ᠂ ᠲᠥᠪ ᠴᠢᠩᠭ᠎ᠠ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠤ᠂ | ᠬᠠᠷᠢᠯᠴᠠᠨ ᠴᠢᠩᠭ᠎ᠠ ᠰᠢᠭᠦᠮᠵᠢᠯᠡᠯ ᠬᠢᠭᠰᠡᠨ ᠪᠥᠭᠡᠳ ᠥᠵᠡᠯ ᠰᠠᠨᠠᠭᠠᠨ ᠤ ᠲᠠᠯ᠎ᠠ ᠪᠠᠷ ᠪᠤᠳᠤᠯᠭᠠᠰᠢᠷᠠᠭᠤᠯᠵᠤ᠂ | ᠪᠥᠯᠬᠦᠮᠳᠡᠯ ᠳᠠᠪᠰᠢᠯᠳᠠ ᠶᠢ ᠠᠬᠢᠭᠤᠯᠵᠤ᠂ ᠠᠵᠢᠯ ᠤᠨ ᠥᠷ᠎ᠡ ᠪᠥᠳᠤᠮᠵᠢ ᠶᠢ ᠠᠬᠢᠭᠤᠯᠪᠠ᠃ ᠥᠭᠡᠷᠡᠴᠢᠯᠡᠨ | ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠳᠤ ᠬᠠᠨᠳᠤᠭᠤᠯᠤᠨ ᠲᠡᠷᠡ ᠱᠠᠭᠠᠷᠳᠠᠬᠤ ᠳᠠᠭᠠᠨ᠂ ᠤᠯᠠᠮ ᠨᠢᠭᠡ ᠠᠯᠬᠤᠮ | ᠤᠯᠤᠰ ᠲᠥᠷᠤ ᠶᠢᠨ ᠬᠠᠷᠢᠭᠤᠴᠠᠯᠭ᠎ᠠ ᠡᠭᠦᠷᠭᠡᠯᠡᠵᠤ᠂ ᠬᠠᠮᠤᠭ ᠤᠨ ᠡᠷᠡᠰ ᠰᠢᠭᠤᠷᠬᠠᠢ ᠤᠪᠤᠷ᠂ ᠬᠠᠮᠤᠭ ᠤᠨ ᠬᠠᠳᠠᠭᠤ | ᠴᠢᠩᠭ᠎ᠠ ᠱᠠᠭᠠᠷᠳᠠᠯᠭ᠎ᠠ᠂ ᠬᠠᠮᠤᠭ ᠤᠨ ᠬᠥᠴᠤᠨ ᠪᠥᠬᠦᠢ ᠠᠷᠭ᠎ᠠ ᠬᠡᠮᠵᠢᠶ᠎ᠡ᠂ ᠬᠠᠮᠤᠭ ᠤᠨ ᠴᠢᠨᠠᠷ ᠰᠠᠶᠢᠳᠠᠢ ᠪᠠᠷ | ᠲᠤᠰᠬᠠᠢ ᠲᠥᠷᠤᠯ ᠤᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠴᠡᠭᠴᠡᠯᠡᠨ ᠥᠭᠡᠷᠡᠴᠢᠯᠡᠬᠦ ᠶᠢ | ᠪᠥᠬᠦ ᠬᠥᠴᠤᠨ ᠢᠶᠠᠷ ᠰᠠᠶᠢᠳᠤᠷ ᠠᠳᠬᠤᠵᠤ᠂ ᠪᠥᠬᠦ ᠬᠤᠳᠠ ᠶᠢᠨ ᠵᠠᠰᠠᠯᠳᠠ ᠶᠢᠨ ᠴᠢᠳᠠᠪᠤᠷᠢ ᠪᠤᠯᠤᠨ ᠵᠠᠰᠠᠯᠳᠠ ᠶᠢᠨ | ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ | ᠥᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠵᠤ᠂ ᠥᠵᠡᠰᠬᠦᠯᠡᠩ ᠰᠠᠶᠢᠬᠠᠨ ᠥᠨᠢᠷ ᠪᠠᠶᠠᠯᠢᠭ ᠡᠶ᠎ᠡ ᠨᠠᠶᠢᠷᠠᠮᠳᠠᠭᠤ | ᠠᠮᠤᠷ ᠲᠠᠶᠢᠪᠤᠡᠭ ᠬᠥᠯᠤᠨ ᠪᠤᠶᠢᠷ ᠢ ᠪᠥᠳᠤᠭᠡᠨ ᠪᠠᠶᠢᠭᠤᠯᠬᠤ︾ ᠬᠥᠭᠵᠢᠯᠲᠡ ᠶᠢᠨ ᠪᠠᠶᠢᠷᠢ ᠲᠤᠭᠳᠠᠭᠠᠯᠳᠠ ᠶᠢ ᠪᠠᠳᠤ | ᠡᠵᠡᠮᠳᠡᠵᠤ᠂ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠥᠭᠡᠷᠡᠴᠢᠯᠡᠭᠰᠡᠨ ᠪᠤᠳᠠᠳᠠᠢ ᠥᠷ᠎ᠡ ᠪᠥᠳᠤᠮᠵᠢ ᠪᠠᠷ ᠠᠵᠤ | ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠲᠥᠯᠬᠢᠨ ᠠᠬᠢᠭᠤᠯᠬᠤ ᠬᠡᠷᠡᠭᠲᠡᠢ᠃ ᠠᠷᠠᠳ ᠲᠥᠮᠡᠨ ᠢᠶᠠᠷ ᠭᠤᠤᠯ | ᠪᠤᠯᠭᠠᠬᠤ ᠬᠥᠭᠵᠢᠯᠲᠡ ᠶᠢᠨ ᠥᠵᠡᠯ ᠰᠠᠨᠠᠭ᠎ᠠ ᠶᠢ ᠢᠮᠠᠭᠳᠠ ᠪᠠᠷᠢᠮᠳᠠᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠵᠤ᠂ ᠤᠯᠤᠰ ᠲᠥᠷᠤ ᠶᠢᠨ ᠠᠮᠢ ᠠᠬᠤᠢ ᠶᠢ ᠰᠠᠶᠢᠵᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠨᠡᠭᠦᠷᠡᠰᠤᠨ ᠤ ᠡᠬᠢ | ᠪᠠᠶᠠᠯᠢᠭ ᠤᠨ ᠬᠦᠷᠢᠶᠡᠨ ᠳᠠᠬᠢ ᠲᠤᠰᠬᠠᠢ ᠲᠥᠷᠤᠯ ᠤᠨ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠥᠭᠡᠷᠡᠴᠢᠯᠡᠬᠦ ᠶᠢ | ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ | ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠮᠡᠳᠡᠭᠳᠡᠪᠡ᠃ |