ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠤᠬᠢᠷᠠᠭᠤᠯᠭ᠎ᠠ ᠪᠠᠷ᠂ 8 ᠰᠠᠷ᠎ᠠ ᠶᠢᠨ 12 ᠤᠨ ᠡᠳᠤᠷ᠂ | ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠨᠡᠭᠦᠷᠡᠰᠤᠨ ᠤ ᠡᠬᠢ ᠪᠠᠶᠠᠯᠢᠭ ᠤᠨ ᠬᠥᠷᠢᠶᠡᠨ ᠳᠠᠬᠢ ᠲᠤᠰᠬᠠᠢ ᠲᠥᠷᠤᠯ ᠤᠨ ᠲᠤᠭᠤᠷᠢᠨ | ᠪᠠᠶᠢᠴᠠᠭᠠᠯᠳᠠ ᠶᠢᠨ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠨᠢ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠨᠠᠮ ᠤᠨ ᠲᠥᠪ ᠬᠤᠷᠢᠶᠠᠨ ᠤ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠠᠯ᠎ᠠ ᠪᠠᠷ ᠬᠢ ᠰᠢᠨ᠎ᠡ ᠪᠠᠶᠢᠷᠢᠯᠠᠭᠤᠯᠤᠯᠳᠠ ᠰᠢᠨ᠎ᠡ ᠱᠠᠭᠠᠷᠳᠠᠯᠭ᠎ᠠ ᠶᠢ | ᠭᠥᠨᠵᠡᠭᠡᠢ ᠰᠤᠷᠤᠯᠴᠠᠨ ᠤᠢᠢᠯᠠᠭᠠᠵᠤ᠂ ᠶᠡᠷᠤᠩᠬᠡᠢ ᠱᠥᠵᠢ ᠰᠢ ᠶᠢᠨ ᠫᠢᠡᠭ ᠤᠨ ᠥᠪᠡᠷᠳᠡᠭᠡᠨ ᠵᠠᠰᠠᠬᠤ ᠤᠷᠤᠨ ᠨᠡᠭᠦᠷᠡᠰᠤᠨ ᠤ ᠡᠬᠢ ᠪᠠᠶᠠᠯᠢᠭ ᠤᠨ ᠬᠦᠷᠢᠶᠡᠨ ᠳᠠᠬᠢ | ᠬᠠᠤᠯᠢ ᠲᠥᠷᠢᠮ ᠢ ᠵᠥᠷᠢᠴᠡᠭᠰᠡᠨ ᠠᠰᠠᠭᠤᠳᠠᠯ ᠢ ᠲᠤᠰᠬᠠᠢᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠱᠠᠭᠠᠷᠳᠠᠯᠭ᠎ᠠ ᠶᠢᠨ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠳᠡᠭᠡᠨ ᠵᠠᠰᠠᠬᠤ ᠤᠷᠤᠨ ᠤ ᠨᠠᠮ ᠤ ᠬᠤᠷᠢᠶᠠᠨ ᠤ ᠬᠤᠶᠠᠳᠤᠭᠠᠷ ᠲᠤᠭᠤᠷᠢᠨ | ᠪᠠᠶᠢᠴᠠᠭᠠᠯᠳᠠ ᠶᠢᠨ ᠳᠤᠭᠤᠢᠢᠯᠠᠩ ᠤᠨ ᠮᠠᠨ ᠤ ᠬᠤᠳᠠ ᠶᠢᠨ ᠨᠡᠭᠦᠷᠡᠰᠤᠨ ᠤ ᠡᠬᠢ ᠪᠠᠶᠠᠯᠢᠭ ᠤᠨ ᠬᠦᠷᠢᠶᠡᠨ ᠳᠤ ᠲᠤᠰᠬᠠᠢᠢᠯᠠᠨ ᠲᠤᠭᠤᠷᠢᠨ ᠪᠠᠶᠢᠴᠠᠭᠠᠯᠳᠠ ᠬᠢᠭᠡᠳ | ᠲᠤᠰᠬᠠᠭᠰᠠᠨ ᠰᠠᠨᠠᠯ ᠤᠨ ᠲᠤᠭᠤᠷᠢᠨ ᠳᠤ᠂ ᠥᠪᠡᠷ ᠤᠨ ᠪᠡᠶ᠎ᠡ ᠶᠢᠨ ᠪᠠᠶᠢᠴᠠᠭᠠᠯᠳᠠ ᠲᠠᠢ ᠬᠠᠷᠭᠤᠭᠤᠯᠥᠨ᠂ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠴᠠᠭᠠᠯᠳᠠ | ᠬᠢᠵᠤ᠂ ᠤᠯᠤᠰ ᠲᠥᠷᠤ ᠶᠢᠨ ᠵᠤᠭᠰᠤᠴᠠ ᠪᠠᠨ ᠳᠡᠭᠡᠭᠰᠢᠯᠡᠭᠦᠯᠵᠤ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠷᠠᠭᠤᠯᠵᠤ᠂ ᠰᠢᠯᠳᠠᠭᠠᠨ ᠢ ᠭᠥᠨᠵᠡᠭᠡᠢ | ᠵᠠᠳᠠᠯᠵᠤ᠂ ᠴᠢᠷᠮᠠᠶᠢᠨ ᠳᠠᠪᠰᠢᠬᠤ ᠴᠢᠭᠯᠡᠯ ᠢ ᠳᠤᠳᠤᠷᠬᠠᠢᠢᠯᠠᠵᠤ᠂ ᠡᠷᠡᠰ ᠴᠡᠭᠴᠡᠯᠡᠨ ᠨᠠᠶᠢᠳᠠᠪᠤᠷᠢᠵᠢᠭᠤᠯᠵᠤ᠂ ᠨᠡᠩ ᠬᠥᠴᠤᠯᠡᠨ ᠴᠢᠷᠮᠠᠶᠢᠵᠤ᠂ ᠲᠤᠰᠬᠠᠢ ᠲᠥᠷᠤᠯ ᠤᠨ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠨᠡᠭᠦᠷᠡᠰᠤᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠥᠷᠤᠯ ᠤᠨ ᠲᠤᠭᠤᠷᠢᠨ | ᠪᠠᠶᠢᠴᠠᠭᠠᠯᠳᠠ ᠶᠢᠨ ᠲᠤᠰᠬᠠᠭᠰᠠᠨ ᠠᠰᠠᠭᠤᠳᠠᠯ ᠢ ᠪᠥᠬᠦ ᠬᠥᠴᠤᠨ ᠢᠶᠠᠷ ᠴᠡᠭᠴᠡᠯᠡᠨ ᠥᠭᠡᠷᠡᠴᠢᠯᠡᠵᠤ᠂ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠪᠤᠯᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠤᠳᠠᠳᠠᠢ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠪᠤᠳᠠᠳᠠᠢ | ᠠᠵᠢᠯᠯᠠᠭ᠎ᠠ ᠪᠠᠷ ᠢᠶᠠᠨ ︽ᠬᠤᠶᠠᠷ ᠢ ᠬᠥᠷᠢᠶᠡᠯᠡᠬᠦ︾ ᠶᠢ ᠤᠢᠢᠯᠡᠳᠤᠯᠭᠡᠵᠢᠭᠦᠯᠪᠡ᠃ | ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠬᠤᠷᠠᠯ ᠡᠷᠬᠢᠯᠡᠵᠤ᠂ ᠵᠢᠶᠠᠩ ᠬᠤᠨᠭ᠌᠂ ᠴᠠᠩ ᠴᠢᠩ ᠵᠡᠷᠭᠡ ᠬᠤᠳᠠ ᠶᠢᠨ ᠨᠠᠮ ᠤᠨ | ᠬᠤᠷᠢᠶᠠᠨ ᠤ ᠪᠠᠶᠢᠡᠭᠭᠤ ᠶᠢᠨ ᠭᠡᠰᠢᠭᠦᠨ ᠬᠤᠷᠠᠯ ᠳᠤ ᠤᠷᠤᠯᠴᠠᠵᠤ᠂ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠨᠠᠮ ᠤᠨ ᠳᠤᠭᠤᠢᠢᠯᠠᠩ ᠤᠨ ᠱᠥᠵᠢ ᠴᠧᠨ ᠯᠢ ᠰᠢᠨ ᠬᠤᠷᠠᠯ ᠳᠤ ᠰᠤᠯᠠ ᠤᠷᠤᠯᠴᠠᠵᠤ᠂ ᠥᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠯᠳᠠ ᠶᠢᠨ ᠠᠯᠪᠠᠨ ᠭᠡᠷ ᠤᠨ ᠬᠠᠮᠢᠶ᠎ᠠ ᠪᠥᠬᠦᠢ | ᠬᠠᠷᠢᠭᠤᠴᠠᠯᠭᠠᠳᠠᠨ ᠨᠥᠬᠦᠳ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠲᠤᠰ ᠤᠳᠠᠭᠠᠨ ᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠤ | ᠬᠡᠮᠵᠢᠶ᠎ᠡ ᠪᠠᠷ ᠬᠥᠨᠳᠤᠳᠭᠡᠨ ᠥᠵᠡᠵᠤ᠂ ᠬᠤᠷᠠᠯ ᠠᠴᠠ ᠡᠮᠤᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠳ ᠭᠤᠤᠯ ᠰᠡᠳᠤᠪ ᠲᠤ | ᠠᠩᠬᠠᠷᠤᠯ ᠢᠶᠠᠨ ᠲᠥᠪᠯᠡᠷᠡᠭᠦᠯᠵᠤ᠂ ᠤᠨᠤᠯ ᠤᠨ ᠰᠤᠷᠤᠯᠴᠠᠯᠭ᠎ᠠ ᠶᠢ ᠭᠥᠨᠵᠡᠭᠡᠢ ᠥᠷᠨᠢᠭᠦᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠢᠳᠡᠪᠬᠢᠲᠡᠢ ᠪᠠᠷ | ᠶᠠᠷᠢᠯᠴᠠᠭ᠎ᠠ ᠥᠷᠨᠢᠭᠦᠯᠵᠤ᠂ ᠵᠠᠳᠠᠯᠤᠯᠳᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠳᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠤᠷ | ᠬᠤᠷᠠᠯᠳᠤᠭᠤᠯᠬᠤ ᠳᠤ ᠮᠠᠰᠢ ᠰᠠᠶᠢᠨ ᠰᠠᠭᠤᠷᠢ ᠶᠢ ᠳᠠᠯᠪᠢᠵᠠᠢ᠃ | ᠢᠤᠢ ᠯᠢ ᠰᠢᠨ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠡᠮᠤᠨ᠎ᠡ ᠠᠴᠠ ᠬᠠᠷᠭᠤᠭᠤᠯᠬᠤ ᠪᠠᠶᠢᠴᠠᠭᠠᠯᠳᠠ ᠬᠢᠭᠰᠡᠨ ᠪᠦᠭᠡᠳ | ᠲᠥᠷᠦᠭᠦᠯᠡᠨ ᠬᠤᠪᠢ ᠬᠥᠮᠤᠨ ᠤ ᠬᠠᠷᠭᠤᠭᠤᠯᠬᠤ ᠪᠠᠶᠢᠴᠠᠭᠠᠯᠳᠠ ᠬᠢᠵᠤ᠂ ᠰᠠᠨᠠᠭᠠᠴᠢᠯᠠᠭ᠎ᠠ ᠠᠴᠠ ᠪᠠᠨ ᠰᠢᠭᠦᠮᠵᠢᠯᠡᠯ ᠬᠥᠯᠢᠶᠡᠵᠡᠢ᠃ ᠪᠤᠰᠤᠳ ᠪᠠᠶᠢᠡᠭᠭᠤ ᠶᠢᠨ | ᠭᠡᠰᠢᠭᠦᠳ ᠮᠥᠨ ᠨᠢᠭᠡ ᠨᠢᠭᠡ ᠪᠠᠷ ᠬᠤᠪᠢ ᠬᠥᠮᠤᠨ ᠤ ᠬᠠᠷᠭᠤᠭᠤᠯᠬᠤ ᠪᠠᠶᠢᠴᠠᠭᠠᠯᠳᠠ ᠬᠢᠭᠰᠡᠨ ᠪᠥᠭᠡᠳ ᠬᠠᠷᠢᠯᠴᠠᠨ ᠰᠢᠭᠦᠮᠵᠢᠯᠡᠯ ᠬᠢᠵᠡᠢ᠃ | ᠢᠤᠢ ᠯᠢ ᠰᠢᠨ ᠳ᠋ᠥ᠋ᠩᠨᠡᠯᠳᠡ ᠬᠢᠬᠦ ᠥᠶ᠎ᠡ ᠳᠤ ᠵᠢᠭᠠᠵᠤ ᠭᠠᠷᠭᠠᠬᠤ ᠳᠠᠭᠠᠨ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠤᠯᠠᠨ ᠢᠶᠠᠷ ᠢᠶᠠᠨ ᠭᠤᠤᠯ ᠰᠡᠳᠤᠪ ᠤᠨ ᠲᠤᠭᠤᠷᠢᠨ ᠳᠤ ᠠᠰᠠᠭᠤᠳᠠᠯ ᠢ ᠭᠥᠨᠵᠡᠭᠡᠢ ᠪᠠᠶᠢᠴᠠᠭᠠᠨ ᠳᠡᠯᠭᠡᠵᠤ᠂ ᠲᠥᠪ ᠴᠢᠩᠭ᠎ᠠ ᠪᠠᠷ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠥᠷᠨᠢᠭᠦᠯᠵᠤ᠂ ᠬᠠᠷᠢᠯᠴᠠᠨ ᠴᠢᠩᠭ᠎ᠠ ᠰᠢᠭᠦᠮᠵᠢᠯᠡᠯ ᠬᠢᠭᠰᠡᠨ ᠪᠥᠭᠡᠳ ᠥᠵᠡᠯ ᠰᠠᠨᠠᠭᠠᠨ ᠤ ᠲᠠᠯ᠎ᠠ ᠪᠠᠷ ᠪᠤᠳᠤᠯᠭᠠᠰᠢᠷᠠᠭᠤᠯᠵᠤ᠂ ᠪᠥᠯᠬᠦᠮᠳᠡᠯ | ᠳᠠᠪᠰᠢᠯᠳᠠ ᠶᠢ ᠠᠬᠢᠭᠤᠯᠵᠤ᠂ ᠠᠵᠢᠯ ᠤᠨ ᠥᠷ᠎ᠡ ᠪᠥᠳᠤᠮᠵᠢ ᠶᠢ ᠠᠬᠢᠭᠤᠯᠪᠠ᠃ ᠥᠭᠡᠷᠡᠴᠢᠯᠡᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠳᠤ ᠬᠠᠨᠳᠤᠭᠤᠯᠤᠨ | ᠲᠡᠷᠡ ᠱᠠᠭᠠᠷᠳᠠᠬᠤ ᠳᠠᠭᠠᠨ᠂ ᠤᠯᠠᠮ ᠨᠢᠭᠡ ᠠᠯᠬᠤᠮ ᠤᠯᠤᠰ ᠲᠥᠷᠤ ᠶᠢᠨ ᠬᠠᠷᠢᠭᠤᠴᠠᠯᠭ᠎ᠠ ᠡᠭᠦᠷᠭᠡᠯᠡᠵᠤ᠂ ᠬᠠᠮᠤᠭ ᠤᠨ ᠡᠷᠡᠰ ᠰᠢᠭᠤᠷᠬᠠᠢ ᠤᠪᠤᠷ᠂ ᠬᠠᠮᠤᠭ ᠤᠨ | ᠬᠠᠳᠠᠭᠤ ᠴᠢᠩᠭ᠎ᠠ ᠱᠠᠭᠠᠷᠳᠠᠯᠭ᠎ᠠ᠂ ᠬᠠᠮᠤᠭ ᠤᠨ ᠬᠥᠴᠤᠨ ᠪᠥᠬᠦᠢ ᠠᠷᠭ᠎ᠠ ᠬᠡᠮᠵᠢᠶ᠎ᠡ᠂ ᠬᠠᠮᠤᠭ ᠤᠨ ᠴᠢᠨᠠᠷ ᠰᠠᠶᠢᠳᠠᠢ ᠪᠠᠷ ᠲᠤᠰᠬᠠᠢ ᠲᠥᠷᠤᠯ ᠤᠨ ᠴᠡᠭᠴᠡᠯᠡᠨ ᠵᠠᠰᠠᠬᠤ | ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠴᠡᠭᠴᠡᠯᠡᠨ ᠥᠭᠡᠷᠡᠴᠢᠯᠡᠬᠦ ᠶᠢ ᠪᠥᠬᠦ ᠬᠥᠴᠤᠨ ᠢᠶᠠᠷ ᠰᠠᠶᠢᠳᠤᠷ ᠠᠳᠬᠤᠵᠤ᠂ ᠪᠥᠬᠦ ᠬᠤᠳᠠ ᠶᠢᠨ ᠵᠠᠰᠠᠯᠳᠠ ᠶᠢᠨ ᠴᠢᠳᠠᠪᠤᠷᠢ | ᠪᠤᠯᠤᠨ ᠵᠠᠰᠠᠯᠳᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠲᠡ ᠪᠠᠷ | ᠤᠳᠤᠷᠢᠳᠤᠮᠵᠢ ᠪᠤᠯᠭᠠᠵᠤ᠂ ᠥᠵᠡᠰᠬᠦᠯᠡᠩ ᠰᠠᠶᠢᠬᠠᠨ ᠥᠨᠢᠷ ᠪᠠᠶᠠᠯᠢᠭ ᠡᠶ᠎ᠡ ᠨᠠᠶᠢᠷᠠᠮᠳᠠᠭᠤ ᠠᠮᠤᠷ ᠲᠠᠶᠢᠪᠤᠡᠭ ᠬᠥᠯᠤᠨ ᠪᠤᠶᠢᠷ ᠢ ᠪᠥᠳᠤᠭᠡᠨ ᠪᠠᠶᠢᠭᠤᠯᠬᠤ︾ | ᠬᠥᠭᠵᠢᠯᠲᠡ ᠶᠢᠨ ᠪᠠᠶᠢᠷᠢ ᠲᠤᠭᠳᠠᠭᠠᠯᠳᠠ ᠶᠢ ᠪᠠᠳᠤ ᠡᠵᠡᠮᠳᠡᠵᠤ᠂ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠥᠭᠡᠷᠡᠴᠢᠯᠡᠭᠰᠡᠨ ᠪᠤᠳᠠᠳᠠᠢ ᠥᠷ᠎ᠡ ᠪᠥᠳᠤᠮᠵᠢ ᠪᠠᠷ | ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠲᠥᠯᠬᠢᠨ ᠠᠬᠢᠭᠤᠯᠬᠤ ᠬᠡᠷᠡᠭᠲᠡᠢ᠃ ᠠᠷᠠᠳ ᠲᠥᠮᠡᠨ ᠢᠶᠠᠷ ᠭᠤᠤᠯ ᠪᠤᠯᠭᠠᠬᠤ ᠬᠥᠭᠵᠢᠯᠲᠡ ᠶᠢᠨ ᠥᠵᠡᠯ | ᠰᠠᠨᠠᠭ᠎ᠠ ᠶᠢ ᠢᠮᠠᠭᠳᠠ ᠪᠠᠷᠢᠮᠳᠠᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠤᠯᠤᠰ ᠲᠥᠷᠤ ᠶᠢᠨ ᠠᠮᠢ ᠠᠬᠤᠢ ᠶᠢ ᠰᠠᠶᠢᠵᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠨᠡᠭᠦᠷᠡᠰᠤᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠥᠷᠤᠯ ᠤᠨ | ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠮᠡᠳᠡᠭᠳᠡᠪᠡ᠃ |