ᠲᠤᠰ ᠰᠤᠨᠢᠨ ᠤ ᠮᠡᠳᠡᠭᠡ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨ | ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ︽ᠲᠦᠪ ᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠭᠳᠠᠭᠠᠯ︾ ᠤᠨ ᠱᠠᠭᠠᠷᠳᠠᠯᠭ᠎ᠠ | ᠶᠤᠰᠤᠭᠠᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪᠰᠢᠶᠡᠷᠡᠯ ᠢᠶᠠᠷ | ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠢᠢᠷ᠎ᠠ ᠳᠤ ᠬᠦᠯᠦᠨ ᠪᠤᠶᠢᠷ ᠬᠤᠳᠠ ᠳᠤ ᠤᠷᠤᠵᠤ | ᠰᠠᠭᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠠᠵᠢᠯ | ᠦᠷᠨᠢᠬᠦᠯᠦᠨ᠎ᠡ᠃ 7 ᠰᠠᠷ᠎ᠠ ᠶᠢᠨ 29 ᠤ ᠡᠳᠦᠷ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠬᠦᠯᠦᠨ ᠪᠤᠶᠢᠷ | ᠬᠤᠳᠠ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠬᠦ ᠲᠠᠶᠢᠴᠢᠯᠠᠯᠳᠠ ᠶᠢᠨ ᠬᠤᠷᠠᠯ ᠬᠦᠯᠦᠨ ᠪᠤᠶᠢᠷ ᠲᠤ | ᠬᠤᠷᠠᠯᠳᠤᠵᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠪᠠᠢ ᠪᠤᠤ ᠢᠦᠢ᠂ ᠲᠡᠳ᠋ ᠲᠠᠷᠤᠭ᠎ᠠ ᠳᠤ | ᠵᠢᠶᠦ᠋ᠨ ᠹᠸᠡᠭ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠳᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠤ᠂ | ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠢᠦᠢ ᠯᠢ ᠰᠢᠨ ᠲᠠᠶᠢᠴᠢᠯᠠᠯᠳᠠ ᠶᠢᠨ ᠶᠠᠷᠢᠶ᠎ᠠ ᠲᠠᠯᠪᠢᠵᠤ | ᠂ ᠬᠤᠷᠠᠯ ᠢ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠵᠢᠶᠠᠩ | ᠬᠤᠨᠭ᠌ ᠡᠷᠬᠢᠯᠡᠪᠡ᠃ | ᠪᠠᠢ ᠪᠤᠤ ᠢᠦᠢ ᠵᠢᠭᠠᠬᠤ ᠳᠠᠭᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ | ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠪᠤᠯᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠵᠤ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠤᠯᠤᠨ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠳᠤ ᠤᠷᠤᠭᠤᠯᠪᠠ᠃ ᠶᠡᠷᠦᠩᠬᠡᠢ ᠱᠦᠵᠢ ᠰᠢ ᠶᠢᠨ ᠫᠢᠡᠭ | ᠦᠵᠡᠰᠬᠦᠯᠡᠩᠳᠦ ᠰᠠᠶᠢᠬᠠᠨ ᠲᠤᠮᠳᠠᠳᠤ ᠤᠯᠤᠰ ᠢ ᠪᠠᠶᠢᠭᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ | ᠰᠡᠷᠭᠦᠨ ᠮᠠᠨᠳᠤᠯᠳᠠ ᠶᠢᠨ ᠲᠤᠮᠳᠠᠳᠤ ᠤᠯᠤᠰ ᠤᠨ ᠵᠡᠭᠦᠳᠦ ᠶᠢ ᠲᠡᠷᠭᠡᠯᠰᠢᠬᠦᠯᠬᠦ ᠪᠠᠶᠢᠯᠳᠤᠬᠤ ᠪᠤᠳᠤᠯᠭ᠎ᠠ ᠶᠢᠨ | ᠦᠨᠳᠦᠷᠴᠡ ᠠᠴᠠ ᠦᠪᠡᠷ ᠤᠨ ᠪᠡᠶ᠎ᠡ ᠪᠠᠷ ᠢᠶᠠᠨ ᠲᠦᠯᠬᠢᠨ ᠠᠬᠢᠭᠤᠯᠵᠤ᠂ ᠦᠪᠡᠷ ᠤᠨ ᠪᠡᠶ᠎ᠡ ᠪᠠᠷ ᠢᠶᠠᠨ ᠬᠦᠴᠦᠯᠡᠨ | ᠬᠡᠷᠡᠭᠵᠢᠬᠦᠯᠵᠤ᠂ ᠦᠢᠯᠡᠳᠦᠯᠭᠡ ᠪᠠᠷ ᠲᠠᠮᠵᠢᠨ ᠶᠠᠭᠤᠨ ᠳᠤ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ᠂ ᠶᠠᠠᠮᠷ | ᠶᠠᠩᠵᠤ ᠶᠢᠨ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ᠂ ᠠᠮᠢ ᠠᠬᠤᠢ ᠶᠢᠨ ᠪᠤᠯᠪᠠᠰᠤᠨ ᠢ ᠬᠡᠷᠬᠢᠨ ᠪᠠᠶᠢᠭᠤᠯᠬᠤ | ᠵᠡᠷᠭᠡ ᠴᠢᠬᠤᠯᠠ ᠶᠡᠭᠡ ᠤᠨᠤᠯ ᠤᠨ ᠪᠤᠯᠤᠨ ᠦᠢᠯᠡᠳᠦᠯᠭᠡ ᠶᠢᠨ ᠠᠰᠠᠭᠤᠳᠠᠯ ᠳᠤ ᠬᠦᠨᠵᠡᠭᠡᠢ ᠬᠠᠷᠢᠭᠤᠯᠳᠠ ᠦᠭᠴᠤ | ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠲᠤᠷᠠᠳᠴᠤ᠂ | ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠷᠢᠯᠳᠦᠬᠦᠯᠵᠤ᠂ ᠪᠦᠬᠦ ᠨᠠᠮ ᠪᠦᠬᠦ | ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢ ᠠᠬᠢᠭᠤᠯᠵᠤ᠂ ᠦᠵᠡᠰᠭᠦᠯᠡᠩᠳᠦ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ | ᠦᠨᠳᠦᠰᠦᠨ ᠵᠢᠷᠤᠮᠯᠠᠯ ᠪᠤᠯᠭᠠᠵᠠᠢ᠃ | 2019 ᠤᠨ ᠤ 6 ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶᠠᠨ ᠤ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ ︽ᠲᠦᠪ ᠤᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠭᠳᠠᠭᠠᠯ ︵ | ᠲᠤᠷᠤᠭᠰᠢ ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠭᠡᠵᠤ ᠲᠦᠭᠦᠮᠴᠢᠯᠡᠨ᠎ᠡ︶︾ ᠢ ᠲᠠᠷᠤᠮᠠᠯᠯᠠᠨ ᠲᠠᠷᠬᠠᠭᠠᠪᠠ᠃ | ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠪᠤᠯ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠳᠠᠬᠢ ᠠᠩᠬᠠᠳᠠᠭᠴᠢ | ᠨᠠᠮ ᠤᠨ ᠲᠤᠳᠤᠭᠠᠳᠤ ᠶᠢᠨ ᠬᠠᠤᠯᠢ ᠲᠦᠷᠢᠮ ᠪᠠᠶᠢᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠡᠷᠡᠰ ᠴᠢᠩᠭ᠎ᠠ ᠢᠳᠡᠭᠡᠯ ᠵᠤᠷᠢᠭ ᠪᠤᠯᠤᠨ ᠡᠷᠡᠰ ᠪᠠᠳᠤ | ᠡᠷᠴᠢ ᠵᠤᠷᠢᠭ ᠢ ᠬᠦᠢᠴᠡᠳ ᠬᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠪᠤᠯ ᠡᠯ᠎ᠡ | ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠠ | ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠶᠢ ᠬᠦᠢᠴᠡᠳ ᠲᠤᠳᠤᠷᠬᠠᠢᠢᠯᠠᠵᠤ᠂ ᠱᠠᠯᠠᠪᠳᠠᠭᠤᠯᠤᠨ ᠪᠠᠶᠢᠴᠠᠭᠠᠬᠤ | ᠲᠤᠭᠳᠠᠭᠠᠯ ᠢ ᠬᠡᠷᠡᠭᠵᠢᠬᠦᠯᠬᠦ ᠨᠢ ᠬᠠᠤᠯᠢ ᠶᠤᠰᠤᠭᠠᠷ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠦᠨᠵᠡᠭᠡᠶᠢᠷᠡᠨ ᠬᠦᠭᠵᠢᠬᠦ ᠶᠢ ᠲᠦᠯᠬᠢᠨ ᠠᠬᠢᠭᠤᠯᠬᠤ ᠳᠤ ᠴᠢᠬᠤᠯᠠ | ᠦᠢᠯᠡᠳᠦᠯ ᠦᠵᠡᠬᠦᠯᠬᠦ ᠪᠤᠯᠤᠨ᠎ᠠ᠃ ᠡᠭᠦᠨ ᠤ ᠬᠠᠮᠳᠤ᠂ ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠳᠤ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠲᠦᠪ ᠪᠤᠯᠤᠨ ᠮᠤᠵᠢ᠂ | ᠦᠪᠡᠷᠳᠡᠭᠡᠨ ᠵᠠᠰᠬᠠᠤ ᠤᠷᠤᠨ᠂ ᠰᠢᠭᠤᠳ ᠬᠠᠷᠢᠶ᠎ᠠ ᠬᠤᠳᠠ ᠬᠤᠶᠠᠷ ᠱᠠᠳᠤᠨ ᠤ ᠱᠠᠯᠠᠪᠳᠠᠭᠤᠯᠤᠨ ᠪᠠᠶᠢᠴᠠᠭᠠᠬᠤ | ᠪᠠᠶᠢᠭᠤᠯᠤᠮᠵᠢ ᠶᠢ ᠬᠡᠷᠡᠭᠵᠢᠬᠦᠯᠵᠤ᠂ ᠡᠯ᠎ᠡ ᠮᠤᠵᠢ᠂ ᠦᠪᠡᠷᠳᠡᠭᠡᠨ ᠵᠠᠰᠬᠠᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠲᠦᠪ ᠤᠨ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠦᠷᠬᠦᠯᠵᠢᠯᠡᠯ ᠪᠠ ᠨᠦᠬᠦᠪᠦᠷᠢᠯᠡᠯ | ᠪᠤᠯᠭᠠᠵᠤ ᠱᠠᠯᠠᠪᠳᠠᠭᠤᠯᠤᠨ ᠪᠠᠶᠢᠴᠠᠭᠠᠬᠤ ᠨᠡᠶᠢᠯᠡᠮᠡᠯ ᠬᠦᠴᠦᠨ ᠢ ᠪᠦᠷᠢᠯᠳᠦᠬᠦᠯᠦᠨ᠎ᠡ᠃ | ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠳᠠᠬᠢ ᠮᠤᠵᠢ ᠶᠢᠨ ᠲᠡᠰ ᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠦᠷᠨᠢᠬᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ ᠲᠠᠷᠤᠯᠳᠠ ᠦᠭᠴᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ | ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠵᠦᠪᠰᠢᠶᠡᠷᠡᠯ ᠢᠶᠠᠷ ᠡᠨᠡ ᠵᠢᠯ ᠬᠡᠰᠡᠭ ᠠᠶᠢᠮᠠᠭ ᠬᠤᠳᠠ ᠳᠤ ᠠᠮᠢ ᠠᠬᠤᠢ ᠤᠷᠴᠢᠨ ᠲᠤᠭᠤᠷᠢᠨ ᠤ | ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠦᠨ᠎ᠡ᠃ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠶᠡᠷᠦᠩᠬᠡᠢ | ᠰᠡᠳᠭᠢᠴᠡ ᠪᠤᠯ᠄ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ | ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠡᠭ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ | ᠬᠢᠬᠦ ᠶᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠭᠤᠤᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠦᠪᠯᠡᠷᠡᠬᠦᠯᠵᠤ᠂ | ᠭᠤᠤᠯᠳᠠᠯᠭ᠎ᠠ ᠶᠢ ᠲᠤᠪᠤᠶᠢᠯᠭᠠᠨ᠂ ᠬᠠᠷᠠᠯᠳᠠ ᠲᠠᠢ ᠪᠠᠷ ᠠᠵᠢᠯᠯᠠᠨ᠎ᠠ︔ ᠨᠠᠷᠢᠨ ᠬᠢᠨᠠᠮᠠᠭᠠᠢ ᠪᠦᠭᠡᠳ ᠨᠠᠷᠢᠯᠢᠭ᠂ | ᠪᠤᠰᠤᠳᠴᠢ ᠲᠦᠪ ᠭᠤᠤᠯᠴᠢ ᠪᠠᠶᠢᠵᠤ᠂ ᠠᠰᠠᠭᠤᠳᠠᠯ ᠢ ᠤᠨᠤᠪᠴᠢᠳᠠᠢ ᠪᠤᠳᠠᠳᠠᠢ ᠪᠠᠶᠢᠴᠠᠭᠠᠵᠤ᠂ ᠪᠠᠶᠢᠳᠠᠯ ᠢ | ᠲᠤᠳᠤᠷᠬᠠᠢ ᠲᠤᠭᠤᠰᠢᠳᠠᠢ ᠪᠠᠶᠢᠴᠠᠭᠠᠵᠤ᠂ ᠬᠡᠷᠡᠭ ᠶᠠᠪᠤᠳᠠᠯ ᠬᠦᠮᠦᠨ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ︔ ᠠᠵᠢᠯ ᠬᠢᠬᠦ ᠦᠭᠡᠢ᠂ ᠠᠵᠢᠯ ᠤᠳᠠᠭᠠᠨ ᠬᠢᠬᠦ ᠶᠢ ᠪᠠᠶᠢᠴᠠᠭᠠᠬᠤ ᠪᠠᠷ ᠪᠠᠷᠠᠬᠤ ᠦᠭᠡᠢ ᠲᠤᠷᠠᠪᠡᠷ ᠬᠢᠬᠦ᠂ ᠬᠠᠰᠢ | ᠶᠠᠰᠢ ᠬᠢᠬᠦ ᠶᠢ ᠴᠤ ᠪᠠᠶᠢᠴᠠᠭᠠᠨ᠂ ᠤᠨᠴᠠᠭᠠᠢᠢᠯᠠᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ ᠪᠤᠬᠢᠷᠳᠤᠯ ᠢ | ᠵᠠᠰᠠᠬᠤ ᠲᠤᠮᠳᠠᠬᠢ ︽ᠨᠢᠭᠡᠯᠡ ᠭᠡᠪ ᠲᠤ ᠪᠠᠷᠢᠭᠳᠠᠬᠤ︾ ᠠᠵᠢᠯᠯᠠᠭ᠎ᠠ ᠳᠤ ᠬᠦᠨᠳᠦ ᠴᠤᠬᠢᠯᠳᠠ ᠦᠭᠬᠦᠨ᠎ᠡ︔ | ᠱᠠᠯᠠᠪᠳᠠᠭᠤᠯᠬᠤ ᠶᠢᠨ ᠲᠠᠭᠠᠤ ᠦᠭᠡᠷᠡᠴᠢᠯᠡᠵᠤ ᠢᠯᠠ ᠪᠤᠯᠭᠠᠬᠤ ᠶᠢ ᠴᠢᠩᠭᠠᠳᠬᠠᠵᠤ᠂ ᠱᠠᠯᠠᠪᠳᠠᠭᠤᠯᠤᠨ | ᠪᠠᠶᠢᠴᠠᠭᠠᠯᠳᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠪᠤᠯᠤᠨ ᠵᠦᠪ ᠲᠠᠯ᠎ᠠ ᠶᠢᠨ ᠨᠡᠶᠢᠳᠡᠯᠢᠭ ᠵᠢᠱᠢᠶ᠎ᠡ ᠶᠢ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠨᠡᠶᠢᠭᠡᠮ ᠨᠡᠶᠢᠳᠡ ᠳᠤ ᠢᠯᠡ ᠪᠠᠷ ᠨᠡᠶᠢᠳᠡᠯᠡᠵᠤ᠂ ᠨᠡᠶᠢᠭᠡᠮ ᠤᠨ ᠠᠩᠬᠠᠷᠤᠯ | ᠬᠠᠯᠠᠮᠵᠢᠯᠠᠯ ᠳᠤ ᠲᠤᠰᠬᠠᠯ ᠭᠠᠷᠭᠠᠵᠤ᠂ ᠤᠯᠠᠨ ᠲᠦᠮᠡᠨ ᠤ ᠬᠢᠨᠠᠯᠳᠠ ᠶᠢ ᠬᠦᠯᠢᠶᠡᠨ᠎ᠡ᠃ | ᠪᠠᠢ ᠪᠤᠤ ᠢᠦᠢ ᠴᠢᠬᠤᠯᠠᠴᠢᠯᠠᠬᠤ ᠳᠠᠭᠠᠨ᠂ ᠡᠨᠡ ᠤᠳᠠᠭᠠᠨ ᠤ ᠱᠠᠯᠠᠪᠳᠠᠭᠤᠯᠤᠨ ᠪᠠᠶᠢᠴᠠᠭᠠᠯᠳᠠ ᠶᠢᠨ | ᠭᠤᠤᠯᠳᠠᠯᠭ᠎ᠠ ᠪᠤᠯ ᠬᠥᠯᠤᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢ ᠶᠢᠨ ᠫᠢᠡᠭ ᠤᠨ | ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠳᠠᠢ ᠬᠥᠭᠵᠢᠯᠲᠡ ᠶᠢ | ᠲᠥᠯᠬᠢᠨ ᠠᠬᠢᠭᠤᠯᠤᠭᠰᠠᠨ ᠪᠠᠶᠢᠳᠠᠯ ︔ ᠨᠠᠮ ᠤᠨ ᠲᠥᠪ ᠬᠤᠷᠢᠶ᠎ᠠ᠂ ᠲᠥᠷᠤ ᠶᠢᠨ ᠶᠠᠪᠤᠳᠠᠯ ᠤᠨ ᠬᠤᠷᠢᠶ᠎ᠠ ᠪᠤᠯᠤᠨ | ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠤᠯᠤᠰ ᠪᠤᠯᠤᠨ ᠥᠪᠡᠷᠳᠡᠭᠡᠨ | ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠲᠥᠷᠢᠮ᠂ ᠲᠥᠷᠤ ᠶᠢᠨ | ᠪᠤᠳᠤᠯᠭ᠎ᠠ᠂ ᠪᠠᠷᠢᠮᠵᠢᠶ᠎ᠠ ᠵᠢᠷᠤᠮᠯᠠᠯ᠂ ᠲᠥᠯᠤᠪᠵᠢᠭᠦᠯᠭᠡ ᠲᠥᠯᠤᠪᠯᠡᠭᠡ ᠶᠢ ᠬᠡᠷᠡᠭᠵᠢᠭᠦᠯᠦᠭᠰᠡᠨ ᠪᠠᠶᠢᠳᠠᠯ︔ ᠲᠥᠪ ᠤᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠭᠢᠵᠤ | ᠬᠠᠷᠠᠬᠰᠠᠠ︾ ᠢᠶᠠᠷ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ︔ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠠᠮ ᠵᠠᠰᠠᠭ ᠬᠠᠮᠳᠤ ᠪᠠᠷ ᠬᠠᠷᠢᠭᠤᠴᠠᠬᠤ ᠪᠤᠯᠤᠨ ᠨᠢᠭᠡ ᠠᠵᠢᠯ ᠤᠨ | ᠪᠠᠶᠢᠷᠢ ᠬᠤᠤᠰ ᠬᠠᠷᠢᠭᠤᠴᠠᠯᠭ᠎ᠠ ᠶᠢ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ | ᠪᠤᠯᠤᠨ ᠠᠷᠠᠳ ᠤᠯᠠᠨ ᠤ ᠳᠤᠰᠬᠠᠯ ᠴᠢᠩᠭ᠎ᠠ ᠠᠰᠠᠭᠤᠳᠠᠯ ᠵᠡᠷᠭᠡ ᠪᠠᠶᠢᠳᠠᠯ ᠢ ᠰᠢᠢᠳᠪᠦᠷᠢᠯᠡᠬᠦ ᠪᠤᠯᠤᠨ᠎ᠠ᠃ ᠲᠤᠰ | ᠤᠳᠠᠭᠠᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠠᠰᠠᠭᠤᠳᠠᠯ ᠤᠨ ᠤᠳᠤᠷᠢᠳᠤᠮᠵᠢ ᠶᠢ ᠢᠮᠠᠭᠳᠠ ᠪᠠᠷᠢᠮᠳᠠᠯᠠᠵᠤ᠂ | ᠭᠤᠤᠯᠳᠠᠯᠭ᠎ᠠ ᠲᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠳᠠᠯᠠᠵᠤ᠂ ᠤᠨᠤᠴᠠᠳᠠᠢ ᠪᠠᠷ | ᠭᠥᠨᠵᠡᠭᠡᠶᠢᠷᠡᠭᠦᠯᠬᠦ ᠶᠢ ᠪᠠᠷᠢᠮᠳᠠᠯᠠᠵᠤ᠂ ︽ᠨᠢᠭᠡᠯᠡ ᠭᠡᠪ ᠲᠤ ᠪᠠᠷᠢᠭᠳᠠᠬᠤ︾ ᠠᠰᠠᠭᠤᠳᠠᠯ ᠢ ᠡᠷᠡᠰ ᠪᠠᠶᠢᠴᠠᠭᠠᠬᠤ | ᠪᠤᠯᠤᠨ᠎ᠠ᠃ ᠬᠥᠯᠤᠨ ᠪᠤᠶᠢᠷ ᠬᠤᠳᠠ ᠶᠢᠨ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ︽ | ᠳᠥᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠠᠵᠢᠯ ᠳᠤ | ᠢᠳᠡᠪᠬᠢᠲᠡᠢ ᠬᠠᠮᠵᠢᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠡᠯ᠎ᠡ | ᠲᠥᠷᠤᠯ ᠤᠨ ᠠᠵᠢᠯ ᠤᠷᠤᠭᠰᠢᠳᠠᠢ ᠪᠡᠶᠡᠯᠡᠭᠳᠡᠬᠦ ᠶᠢ ᠪᠠᠳᠤᠯᠠᠬᠤ ᠬᠡᠷᠡᠭᠳᠡᠢ ᠭᠡᠵᠡᠢ᠃ | ᠢᠤᠢ ᠯᠢ ᠰᠢᠨ ᠢᠯᠡᠷᠬᠡᠶᠢᠯᠡᠬᠦ ᠳᠡᠭᠡᠨ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠤᠯ ᠰᠢ ᠶᠢᠨ ᠫᠢᠡᠭ ᠤᠨ ᠠᠮᠢ ᠠᠬᠤᠢ ᠶᠢᠨ | ᠪᠤᠯᠪᠠᠰᠤᠨ ᠤ ᠥᠵᠡᠯ ᠰᠠᠨᠠᠭ᠎ᠠ ᠶᠢ ᠪᠤᠳᠠᠳᠠᠢ ᠳᠤ ᠥᠨᠳᠤᠰᠤ ᠬᠠᠳᠬᠤᠬᠤ ᠶᠢ ᠲᠥᠯᠬᠢᠨ ᠠᠬᠢᠭᠤᠯᠬᠤ ᠨᠢᠭᠡᠨ | ᠲᠥᠷᠤᠯ ᠤᠨ ᠴᠢᠬᠤᠯᠠ ᠲᠥᠷᠢᠮ ᠤᠨ ᠲᠤᠬᠢᠷᠠᠭᠤᠯᠤᠯᠳᠠ ᠪᠤᠯᠤᠨ᠎ᠠ᠂ ᠥᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠠᠵᠢᠯ ᠤᠨ ᠲᠤᠬᠢᠷᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠥᠴᠤᠨ ᠪᠥᠬᠦᠢ ᠪᠠᠳᠤᠯᠠᠭ᠎ᠠ ᠪᠤᠯᠤᠨ᠎ᠠ᠂ ᠮᠠᠨ ᠤ ᠬᠤᠳᠠ ᠶᠢᠨ ᠤᠢᠢᠷ᠎ᠠ ᠵᠢᠯ ᠠᠴᠠ ᠨᠠᠭᠠᠰᠢᠬᠢ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠨᠢᠭᠡ ᠤᠳᠠᠭᠠᠨ ᠤ ᠰᠢᠯᠭᠠᠨ ᠪᠠᠶᠢᠴᠠᠭᠠᠯᠳᠠ ᠪᠤᠯᠤᠨ᠎ᠠ ᠭᠡᠵᠡᠢ᠃ ᠲᠡᠷᠡ | ᠴᠢᠬᠤᠯᠠᠴᠢᠯᠠᠬᠤ ᠳᠠᠭᠠᠨ᠂ ᠪᠥᠬᠦ ᠬᠤᠳᠠ ᠶᠢᠨ ᠡᠯ᠎ᠡ ᠬᠤᠰᠢᠭᠤ ᠬᠤᠳᠠ ᠲᠤᠭᠤᠷᠢᠭ ᠡᠯ᠎ᠡ ᠰᠠᠯᠠᠭ᠎ᠠ ᠮᠥᠴᠢᠷ ᠤᠯᠤᠰ | ᠲᠥᠷᠤ ᠶᠢᠨ ᠵᠤᠭᠰᠤᠴᠠ ᠪᠠᠨ ᠳᠡᠭᠡᠭᠰᠢᠯᠡᠭᠦᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠥᠨᠳᠤ ᠴᠢᠬᠤᠯᠠ ᠠᠴᠢ ᠬᠤᠯᠪᠤᠭᠳᠠᠯ ᠢ ᠭᠥᠨᠵᠡᠭᠡᠢ ᠲᠠᠨᠢᠵᠤ᠂ | ᠤᠬᠠᠮᠰᠠᠷ ᠠᠴᠠ ᠪᠠᠨ ᠬᠢᠨᠠᠨ ᠪᠠᠶᠢᠴᠠᠭᠠᠯᠳᠠ ᠶᠢ ᠬᠥᠯᠢᠶᠡᠵᠤ᠂ ᠪᠥᠬᠦ ᠬᠥᠴᠤᠨ ᠢᠶᠠᠷ ᠰᠠᠶᠢᠳᠤᠷ ᠬᠠᠮᠵᠢᠯᠴᠠᠵᠤ᠂ | ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠤᠷᠤᠭᠰᠢᠳᠠᠢ | ᠶᠠᠪᠤᠭᠳᠠᠬᠤ ᠳᠤ ᠬᠥᠴᠤᠨ ᠪᠥᠬᠦᠢ ᠪᠠᠳᠤᠯᠠᠭ᠎ᠠ ᠬᠠᠨᠭ᠍ᠭᠠᠬᠤ ᠬᠡᠷᠡᠭᠳᠡᠢ᠃ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ | ᠥᠭᠡᠷᠡᠴᠢᠯᠡᠨ ᠴᠡᠭᠴᠡᠯᠡᠵᠤ᠂ ᠤᠯᠵᠤ ᠮᠡᠳᠡᠭᠰᠡᠨ ᠳᠠᠷᠤᠢ ᠥᠭᠡᠷᠡᠴᠢᠯᠡᠨ ᠴᠡᠭᠴᠡᠯᠡᠬᠦ ᠶᠢ ᠪᠠᠷᠢᠮᠳᠠᠯᠠᠵᠤ᠂ ᠨᠢᠭᠡᠳᠤᠯᠲᠡᠢ | ᠲᠥᠯᠤᠪᠵᠢᠭᠦᠯᠤᠨ ᠨᠡᠶᠢᠳᠡ ᠳᠤᠨᠢ ᠬᠠᠷᠠᠭᠠᠯᠵᠠᠵᠤ᠂ ᠨᠢᠭᠡ ᠴᠤᠭᠴᠠ ᠪᠠᠷ ᠥᠭᠡᠷᠡᠴᠢᠯᠡᠨ ᠴᠡᠭᠴᠡᠯᠡᠬᠦ ᠶᠢ ᠪᠠᠷᠢᠮᠳᠠᠯᠠᠵᠤ᠂ | ᠥᠨᠡᠨ ᠠᠴᠠ ᠵᠥᠪ ᠢ ᠡᠷᠢᠵᠤ᠂ ᠥᠭᠡᠷᠡᠴᠢᠯᠡᠨ ᠴᠡᠭᠴᠡᠯᠡᠬᠦ ᠶᠢ ᠥᠨᠡᠨ ᠪᠤᠳᠠᠳᠠᠢ ᠪᠠᠷ ᠠᠳᠬᠤᠬᠤ ᠶᠢ ᠪᠠᠷᠢᠮᠳᠠᠯᠠᠵᠤ᠂ | ᠨᠢᠭᠡ ᠠᠴᠠ ᠨᠡᠶᠢᠳᠡᠮ ᠢ ᠵᠦᠢᠴᠢᠯᠡᠬᠦ᠂ ᠴᠡᠭᠴᠡᠯᠡᠨ ᠥᠭᠡᠷᠡᠴᠢᠯᠡᠬᠦ ᠶᠢ ᠪᠠᠬᠢᠵᠢᠭᠦᠯᠬᠦ ᠶᠢ ᠪᠠᠷᠢᠮᠳᠠᠯᠠᠵᠤ᠂ | ᠱᠠᠯᠠᠪᠳᠠᠭᠤᠯᠤᠨ ᠪᠠᠶᠢᠴᠠᠭᠠᠬᠤ ᠴᠡᠭᠴᠡᠯᠡᠨ ᠥᠭᠡᠷᠡᠴᠢᠯᠡᠬᠦ ᠶᠢᠨ ︽ᠰᠡᠭᠦᠯ ᠤᠨ ᠬᠠᠭᠤᠳᠠᠰᠤ︾ ᠶᠢ ᠰᠠᠶᠢᠳᠤᠷ | ᠪᠢᠴᠢᠭᠯᠡᠵᠤ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠴᠢᠩᠭ᠎ᠠ ᠪᠥᠭᠡᠳ ᠪᠤᠳᠠᠳᠠᠢ ᠪᠠᠷ | ᠨᠠᠶᠢᠳᠠᠪᠤᠷᠢᠵᠢᠭᠤᠯᠤᠯᠳᠠ ᠶᠢ ᠠᠳᠬᠤᠵᠤ᠂ ᠴᠢᠨᠠᠷ ᠰᠠᠶᠢᠳᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠥᠭᠡᠷᠡᠴᠢᠯᠡᠭᠰᠡᠨ ᠪᠤᠳᠠᠳᠠᠢ ᠥᠷ᠎ᠡ ᠪᠥᠳᠤᠮᠵᠢ ᠪᠠᠷ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ | ᠰᠠᠨᠠᠭ᠎ᠠ ᠬᠥᠯᠤᠨ ᠪᠤᠶᠢᠷ ᠲᠤ ᠥᠨᠳᠤᠰᠤ ᠬᠠᠳᠬᠤᠵᠤ᠂ ᠥᠷ᠎ᠡ ᠵᠢᠮᠢᠰ ᠰᠠᠭᠤᠬᠤ ᠶᠢ ᠤᠯᠠᠮ ᠨᠢᠭᠡ ᠠᠯᠬᠤᠮ | ᠲᠥᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠳᠤ ᠵᠢᠶᠦ᠋ᠨ ᠹᠧᠡᠭ ᠱᠠᠯᠠᠪᠳᠠᠭᠤᠯᠤᠨ ᠪᠠᠶᠢᠴᠠᠭᠠᠬᠤ ᠳᠤ ᠰᠠᠶᠢᠳᠤᠷ ᠬᠠᠮᠵᠢᠯᠴᠠᠬᠤ᠂ | ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠥᠭᠡᠷᠡᠴᠢᠯᠡᠨ ᠴᠡᠭᠴᠡᠯᠡᠬᠦ᠂ ᠰᠤᠷᠠᠭ ᠵᠠᠩᠭᠢ ᠶᠢ ᠢᠯᠡ ᠪᠤᠯᠭᠠᠬᠤ ᠵᠡᠷᠭᠡ | ᠠᠵᠢᠯ ᠳᠤ ᠱᠠᠭᠠᠷᠳᠠᠯᠭ᠎ᠠ ᠳᠤᠷᠠᠳᠬᠤ ᠶᠢᠨ ᠬᠠᠮᠳᠤ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠪᠥᠬᠦ | ᠪᠥᠷᠢᠯᠳᠦᠭᠦᠨ ︽ᠥᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ | ᠪᠠᠶᠢᠴᠠᠭᠠᠬᠤ ᠰᠠᠬᠢᠯᠭ᠎ᠠ ᠲᠥᠷᠢᠮ ︵ᠲᠤᠷᠰᠢᠨ ᠬᠡᠷᠡᠭᠵᠢᠭᠦᠯᠬᠦ︶︾ ᠢ ᠴᠢᠩᠭ᠎ᠠ ᠬᠡᠷᠡᠭᠵᠢᠭᠦᠯᠵᠤ᠂ ᠨᠡᠶᠢᠭᠡᠮ ᠤᠨ | ᠬᠢᠨᠠᠯᠳᠠ ᠶᠢ ᠬᠥᠯᠢᠶᠡᠬᠦ ᠲᠤᠬᠠᠢ ᠤᠪᠤᠷ ᠢᠶᠠᠨ ᠢᠯᠡᠳᠭᠡᠪᠡ᠃ | ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ | ᠪᠠᠶᠢᠴᠠᠭᠠᠬᠤ ᠳᠤᠭᠤᠢᠢᠯᠠᠩ ᠤᠨ ᠪᠥᠬᠦ ᠪᠥᠷᠢᠯᠳᠦᠭᠦᠨ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ ᠤᠨ ᠬᠤᠯᠪᠤᠭᠳᠠᠯ ᠪᠥᠬᠦᠢ ᠠᠵᠢᠯᠳᠠᠨ᠂ | ᠬᠥᠯᠤᠨ ᠪᠤᠶᠢᠷ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠬᠤᠷᠠᠯ ᠳᠤ | ᠤᠷᠤᠯᠴᠠᠪᠠ᠃ ᠬᠥᠯᠤᠨ ᠪᠤᠶᠢᠷ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠪᠤᠯᠤᠨ ᠤᠯᠤᠰ | ᠲᠥᠷᠤ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠠᠵᠢᠯ ᠲᠠᠢ ᠬᠠᠮᠢᠶ᠎ᠠ ᠲᠠᠢ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠤᠯᠪᠤᠭᠳᠠᠯ ᠪᠥᠬᠦᠢ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠳᠠᠨ᠂ ᠤᠷᠤᠨ ᠨᠤᠳᠤᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ | ᠂ ᠠᠷᠠᠳ ᠤᠨ ᠳᠤᠮᠳᠠ ᠵᠡᠷᠭᠡ ᠶᠢᠨ ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠰᠤᠯᠠ | ᠤᠷᠤᠯᠴᠠᠪᠠ᠃ ᠡᠯ᠎ᠡ ᠬᠤᠰᠢᠭᠤ ᠬᠤᠳᠠ ᠲᠤᠭᠤᠷᠢᠭ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠪᠤᠯᠤᠨ | ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠳᠠᠨ᠂ ᠥᠪᠤᠷ ᠮᠤᠩᠭᠤᠯ ᠤᠨ ᠶᠡᠭᠡ ᠬᠢᠨᠭ᠍ᠭᠠᠨ ᠳᠠᠪᠠᠭᠠᠨ ᠤ ᠭᠤᠤᠯᠳᠠᠯᠭ᠎ᠠ ᠲᠠᠢ ᠤᠯᠤᠰ ᠤᠨ | ᠥᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶᠠᠨ ᠤ ᠭᠤᠤᠯ ᠬᠠᠷᠢᠭᠤᠴᠠᠯᠭᠠᠳᠠᠨ ᠲᠤᠬᠠᠢ ᠶᠢᠨ | ᠭᠠᠵᠠᠷ ᠲᠠᠭᠠᠨ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠰᠤᠯᠠ ᠤᠷᠤᠯᠴᠠᠪᠠ᠃ | ᠲᠤᠬᠢᠷᠠᠭᠤᠯᠤᠯᠳᠠ ᠶᠢ ᠦᠨᠳᠦᠰᠦᠯᠡᠪᠡᠯ᠂ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠤᠷᠤᠵᠤ ᠰᠠᠭᠤᠬᠤ | ᠴᠠᠭ ᠨᠢ 25 ᠡᠳᠤᠷ᠃ ᠤᠷᠤᠵᠤ ᠰᠠᠭᠤᠬᠤ ᠬᠤᠭᠤᠴᠠᠭᠠᠨ ︵2020 ᠤᠨ ᠤ 7 ᠰᠠᠷ᠎ᠠ ᠶᠢᠨ 29 ᠤ ᠡᠳᠤᠷ | — 8 ᠰᠠᠷ᠎ᠠ ᠶᠢᠨ 22 ᠤᠨ ᠡᠳᠤᠷ︶ ᠳᠤ ᠲᠤᠰᠬᠠᠢ ᠵᠢᠵᠢᠬᠦᠷ ᠤᠳᠠᠰᠤ ᠪᠠ ᠲᠤᠰᠬᠠᠢ ᠰᠢᠤᠳᠠᠨ ᠵᠠᠬᠢᠳᠠᠯ ᠤᠨ | ᠬᠠᠶᠢᠷᠴᠠᠭ ᠭᠠᠷᠭᠠᠪᠠ᠄ ᠲᠤᠰᠬᠠᠢ ᠵᠢᠵᠢᠬᠦᠷ ᠤᠳᠠᠰᠤ ᠨᠢ᠄ 0470 — 8218371︔ ᠲᠤᠰᠬᠠᠢ ᠰᠢᠤᠳᠠᠨ | ᠵᠠᠬᠢᠳᠠᠯ ᠤᠨ ᠬᠠᠶᠢᠷᠴᠠᠭ ᠨᠢ᠄ ᠦᠪᠦᠷ ᠮᠤᠩᠭᠤᠯ ᠤᠨ ᠬᠦᠯᠦᠨ ᠪᠤᠶᠢᠷ ᠬᠤᠳᠠ ᠶᠢᠨ A009 ᠨᠤᠮᠧᠷᠳᠦ ᠰᠢᠤᠳᠠᠨ | ᠵᠠᠬᠢᠳᠠᠯ ᠤᠨ ᠬᠠᠶᠢᠷᠴᠠᠭ᠃ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠢᠯᠡᠴᠢᠯᠡᠨ ᠮᠡᠳᠡᠭᠦᠯᠬᠦ ᠤᠳᠠᠰᠤ ᠶᠢ | ᠬᠦᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 — 20᠄ 00 ᠴᠠᠭ᠃ ᠥᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ ᠪᠤᠯᠤᠨ ᠱᠠᠯᠠᠪᠳᠠᠭᠤᠯᠤᠨ ᠪᠠᠶᠢᠴᠠᠭᠠᠬᠤ | ᠳᠤᠭᠤᠢᠢᠯᠠᠩ ᠤᠨ ᠡᠭᠦᠷᠭᠡ ᠬᠠᠷᠢᠭᠤᠴᠠᠯᠭ᠎ᠠ ᠪᠠᠷ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠭᠤᠤᠯᠳᠠᠭᠤ ᠬᠥᠯᠤᠨ ᠪᠤᠶᠢᠷ | ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠶᠢᠨ ᠢᠯᠡᠴᠢᠯᠡᠨ ᠮᠡᠳᠡᠭᠦᠯᠬᠦ ᠵᠠᠬᠢᠳᠠᠯ | ᠤᠳᠠᠰᠤ ᠶᠢ ᠬᠥᠯᠢᠶᠡᠨ ᠠᠪᠬᠤ ᠪᠤᠯᠤᠨ᠎ᠠ᠃ ᠪᠤᠰᠤᠳ ᠬᠥᠯᠢᠶᠡᠨ ᠠᠪᠴᠤ ᠰᠢᠢᠳᠪᠤᠷᠢᠯᠡᠬᠦ ᠬᠡᠪᠴᠢᠶᠡᠨ ᠳᠤ ᠪᠠᠭᠳᠠᠬᠤ | ᠥᠭᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠳᠠᠭᠠᠯ ᠶᠤᠰᠤᠭᠠᠷ ᠱᠠᠯᠠᠪᠳᠠᠭᠤᠯᠤᠨ ᠪᠠᠶᠢᠴᠠᠭᠠᠭᠳᠠᠬᠤ | ᠭᠠᠵᠠᠷ ᠤᠷᠤᠨ ᠳᠤ ᠲᠤᠰᠢᠶᠠᠵᠤ ᠰᠢᠢᠳᠪᠤᠷᠢᠯᠡᠭᠦᠯᠬᠦ ᠪᠤᠯᠤᠨ᠎ᠠ᠃ |