ᠵᠠᠯᠠᠶᠢᠨᠠᠭᠤᠷ ᠵᠠᠰᠠᠭ ᠦᠰᠦᠭ ﹇2020﹈ 63 ᠳ᠋ᠤᠭᠠᠷ ᠲᠣᠭᠠᠲᠤ | ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠦᠶᠡᠷ ᠤᠨ | ᠬᠤᠭᠤᠴᠠᠭᠠᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠤᠬᠠᠶ ᠪᠠᠴᠢᠮ ᠮᠡᠳᠡᠭᠳᠡᠯ ᠪᠦᠬᠦ ᠲᠤᠭᠤᠷᠢᠭ ᠤᠨᠡᠯ᠎ᠡ | ᠬᠠᠮᠢᠶ᠎ᠠ ᠪᠦᠬᠦᠢ ᠨᠢᠭᠡᠴᠡ ᠳᠤ᠄ | ᠦᠢᠷ᠎ᠠ ᠳᠤ ᠮᠠᠨ ᠤ ᠣᠷᠣᠨ ᠵᠠᠯᠭᠠᠭ᠎ᠠ ᠪᠠᠷ ᠪᠣᠷᠣᠭᠠᠨ ᠣᠷᠣᠬᠤ ᠶᠢ ᠳᠠᠭᠠᠯᠳᠤᠨ᠂ ᠭᠠᠵᠠᠷ ᠤᠨ | ᠭᠠᠮᠰᠢᠭ ᠤᠷᠭᠢᠯ ᠤᠨ ᠬᠤᠭᠤᠴᠠᠭᠠᠨ ᠳᠤ ᠣᠷᠣᠵᠤ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠦᠶᠡᠷ ᠤᠨ | ᠬᠤᠭᠤᠴᠠᠭᠠᠨ ᠤ ᠭᠠᠵᠠᠷ ᠤᠨ ᠭᠠᠮᠰᠢᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠵᠠᠰᠠᠬᠤ ᠪᠠᠨ ᠦᠨᠡᠨᠬᠦ | ᠴᠢᠩᠭᠠᠳᠬᠠᠵᠤ᠂ ᠦᠶᠡᠷ ᠤᠨ ᠬᠤᠭᠤᠴᠠᠭᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠢᠨᠠᠮᠠᠭᠠᠶ ᠰᠠᠶᠢᠲᠤᠷ | ᠬᠢᠬᠦ ᠬᠡᠷᠡᠭᠲᠡᠶ᠃ ᠪᠣᠳᠠᠲᠠᠶ ᠱᠠᠭᠠᠷᠳᠠᠯᠭ᠎ᠠ ᠨᠢ ᠳᠣᠤᠷᠠᠬᠢ ᠮᠡᠲᠦ᠄ | ᠨᠢᠭᠡ᠂ ᠭᠠᠵᠠᠷ ᠤᠨ ᠭᠠᠮᠰᠢᠭ ᠤᠨ ᠳᠠᠯᠳᠠ ᠭᠡᠮ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠭᠠᠵᠠᠷ ᠤᠨ | ᠭᠠᠮᠰᠢᠭ ᠤᠨ ᠦᠶᠡᠷ ᠤᠨ ᠬᠤᠭᠤᠴᠠᠭ᠎ᠠ ᠶᠢ ᠳᠠᠬᠢᠨ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠪᠡᠯᠡᠳᠬᠡᠯ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠢᠨ᠎ᠡ ᠪᠠᠷ ᠢᠯᠡᠷᠡᠭᠦᠯᠦᠭᠰᠡᠨ ᠭᠠᠵᠠᠷ ᠤᠨ ᠭᠠᠮᠰᠢᠭ ᠤᠨ ᠴᠡᠭ᠂ ᠲᠠᠯᠳᠠ | ᠭᠡᠮ ᠤᠨ ᠴᠢᠭ ᠤᠨ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠡ ᠳᠤ ᠴᠠᠭ | ᠲᠤᠬᠠᠢ ᠲᠤᠨᠢ ᠮᠡᠳᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠡ ᠠᠶᠤᠯᠭᠦᠶ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠢᠶᠠᠨ | ᠠᠵᠢᠯ ᠤᠨ ᠣᠨᠴᠠᠭᠠᠢ ᠴᠡᠭ ᠲᠤ ᠴᠢᠭᠯᠡᠭᠦᠯᠦᠨ᠂ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢᠨ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠳᠠᠯᠤᠯᠲᠠ ᠬᠢᠵᠦ᠂ ᠠᠷᠭᠠᠴᠠᠬᠤ ᠲᠥᠰᠦᠯ ᠲᠣᠭᠲᠠᠭᠠᠵᠤ᠂ ᠰᠡᠷᠭᠡᠶᠢᠯᠡᠬᠦ ᠠᠷᠭ᠎ᠠ | ᠬᠡᠮᠵᠢᠶ᠎ᠡ ᠪᠠᠨ ᠲᠣᠳᠣᠷᠬᠠᠶᠢᠯᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠪᠤᠰᠤ ᠳᠠᠯᠳᠠ ᠭᠡᠮ ᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠢᠵᠠᠭᠠᠷᠯᠠᠬᠤ ᠬᠤᠭᠤᠴᠠᠭ᠎ᠠ ᠪᠣᠯᠤᠨ ᠬᠠᠷᠢᠭᠤᠴᠠᠯᠭ᠎ᠠ | ᠡᠭᠦᠷᠭᠡᠯᠡᠭᠴᠢ ᠶᠢ ᠲᠣᠳᠣᠷᠬᠠᠶᠢᠯᠠᠬᠤ ᠬᠡᠷᠡᠭᠲᠡᠶ᠃ | ᠬᠤᠶᠠᠷ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠬᠤ ᠡᠯ᠎ᠡ | ᠬᠤᠯᠪᠣᠭᠳᠠᠯ ᠪᠦᠬᠦᠢ ᠨᠢᠭᠡᠴᠡ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠮᠤᠷ | ᠲᠦᠪᠰᠢᠨ ᠤ ᠳᠠᠯᠳᠠ ᠬᠡᠮ ᠰᠣᠭᠤᠭ ᠢ ᠤᠷᠢᠳᠴᠢᠯᠠᠨ ᠰᠡᠷᠭᠡᠶᠢᠯᠡᠬᠦ ᠪᠠ ᠭᠦᠨᠵᠡᠭᠡᠶ ᠴᠡᠭᠴᠡᠯᠡᠨ ᠰᠠᠶᠢᠵᠢᠷᠠᠭᠤᠯᠤᠨ᠎ᠠ︔ | ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ | ᠪᠦᠬᠦᠯᠢ ᠡᠳᠦᠷ ᠢᠶᠠᠷ ᠵᠢᠵᠢᠭᠦᠷᠯᠡᠬᠦ ᠳᠦᠷᠢᠮ ᠢ ᠨᠠᠷᠢᠨ ᠪᠣᠯᠭᠠᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠤᠪᠤᠷᠠᠯ ᠢ ᠬᠤᠪᠢᠷᠠᠭᠤᠯᠵᠤ᠂ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ︔ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠭᠠᠵᠠᠷ ᠰᠢᠨᠵᠢᠯᠡᠭᠡᠨ ᠤ | ᠭᠠᠮᠰᠢᠭ ᠪᠤᠶᠤ ᠠᠳᠡᠯ ᠭᠠᠷᠬᠤ ᠣᠶᠢᠶ᠎ᠠ ᠳᠤ᠂ ᠭᠠᠮᠰᠢᠭ ᠤᠨ ᠡᠮᠦᠨ᠎ᠡ ᠠᠶᠤᠯ ᠠᠴᠠ ᠵᠠᠶᠢᠯᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠬᠢᠵᠦ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ | ᠠᠵᠢᠯ ᠢ ᠴᠢᠩᠭᠠᠳᠬᠠᠬᠤ ᠡᠯ᠎ᠡ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠭᠠᠵᠠᠷ ᠤᠨ | ᠭᠠᠮᠰᠢᠭ ᠢ ᠰᠡᠷᠭᠡᠶᠢᠯᠡᠨ ᠵᠠᠰᠠᠬᠤ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ 24 ᠴᠠᠭ ᠤᠨ ᠪᠦᠬᠦ ᠡᠳᠦᠷ ᠢᠶᠠᠷ ᠵᠢᠵᠢᠭᠦᠷᠯᠡᠬᠦ ᠶᠢ ᠬᠡᠷᠡᠭᠵᠢᠭᠦᠯᠦᠨ᠎ᠡ᠃ | ᠵᠢᠵᠢᠭᠦᠷᠯᠡᠭᠴᠢ ᠲᠤᠰ ᠬᠠᠷᠢᠶ᠎ᠠ ᠣᠷᠣᠨ ᠤ ᠪᠠᠨ ᠳᠠᠯᠳᠠ ᠭᠡᠮ ᠲᠠᠢ ᠭᠠᠵᠠᠷ ᠤᠨ ᠪᠣᠳᠠᠲᠤ ᠪᠠᠢᠳᠠᠯ ᠤᠨ ᠮᠡᠳᠡᠭᠡ | ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ | ᠭᠠᠮᠰᠢᠭ ᠤᠨ ᠪᠠᠶᠢᠳᠠᠯ ᠲᠦᠭᠰᠢᠭᠦᠷᠢ ᠡᠭᠦᠰᠬᠦ ᠦᠶ᠎ᠡ ᠳᠤ ᠴᠠᠭ ᠲᠤᠬᠠᠶ ᠳᠤᠨᠢ ᠳᠡᠭᠡᠭᠰᠢ ᠤᠯᠠᠮᠵᠢᠯᠠᠨ ᠪᠠᠭᠤᠯᠭᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠵᠠᠯᠠᠶᠢᠨᠠᠭᠤᠷ ᠲᠣᠭᠤᠷᠢᠭ ᠤᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ 24 | ᠴᠠᠭ ᠤᠨ ᠵᠢᠵᠢᠭᠦᠷᠯᠡᠬᠦ ᠤᠲᠠᠰᠤ᠄ 0470 — 6550900 ︵ᠡᠳᠦᠷ︶᠂ 13848906008 ︵ᠰᠥᠨᠢ | ︶᠃ | 2020 ᠣᠨ ᠤ 8 ᠰᠠᠷ᠎ᠠ ᠶᠢᠨ 18 ᠤ ᠡᠳᠦᠷ |