2020 ᠣᠨ ᠤ ᠵᠠᠰᠠᠭ ᠤᠨ ᠠᠵᠢᠯ ᠤᠨ ᠢᠯᠡᠳᠬᠡᠯ ︵ᠨᠢᠭᠡ︶ | ᠨᠡᠶᠢᠲᠡᠯᠡᠭᠰᠡᠨ ᠴᠠᠭ᠄ 2020 — 08 — 17 | 2020 ᠣᠨ ᠤ 1 ᠰᠠᠷ᠎ᠠ ᠶᠢᠨ 15 ᠤ ᠡᠳᠦᠷ ᠵᠠᠯᠠᠶᠢᠨᠠᠭᠤᠷ ᠲᠣᠭᠤᠷᠢᠭ ᠲᠤ | ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠤ | ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠤᠤ ᠵᠢᠶᠠᠨ ᠪᠥᠸᠧ | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠃ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ | ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ | ᠪᠦᠬᠦ ᠣᠷᠣᠨ ᠤ ᠠᠷᠠᠳ ᠲᠦᠮᠡᠨ ᠲᠠᠢ ᠨᠢᠭᠲᠠ ᠪᠦᠯᠬᠦᠮᠳᠡᠨ ᠲᠦᠰᠢᠭᠯᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠭᠤᠰᠢᠯᠠᠭᠤᠯᠵᠠᠶ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ | ᠢᠳᠡᠪᠬᠢᠲᠡᠶ ᠪᠠᠷ ᠠᠷᠭᠠᠴᠠᠵᠤ᠂ ᠪᠠᠶᠢᠭᠤᠯᠤᠯ᠂ ᠠᠵᠢᠯᠲᠠᠨ᠂ ᠡᠳ᠋ ᠤᠨ ᠬᠦᠴᠦᠨ ᠵᠡᠷᠭᠡ ᠠᠯᠢ ᠣᠯᠠᠨ ᠬᠢᠵᠠᠭᠠᠷᠯᠠᠯ ᠢ | ᠴᠢᠷᠮᠠᠶᠢᠨ ᠢᠯᠠᠨ ᠳᠠᠪᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠰᠢᠷᠭᠠᠭᠤ ᠬᠠᠲᠠᠭᠤᠵᠢᠯᠲᠠᠶ | ᠠᠵᠢᠯᠯᠠᠵᠤ᠂ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | ︵ᠨᠢᠭᠡ︶ ᠠᠵᠤ ᠠᠬᠤᠶ ᠶᠢᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠪᠢᠳᠡ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠪᠠᠬᠢᠵᠢᠭᠦᠯᠬᠦ᠂ | ᠴᠢᠩᠭᠠᠳᠬᠠᠬᠤ᠂ ᠳᠡᠭᠡᠭᠰᠢᠯᠡᠭᠦᠯᠬᠦ᠂ ᠰᠢᠯᠤᠭᠤᠳᠬᠠᠬᠤ︾ ᠴᠢᠭᠯᠡᠯᠲᠡ ᠶᠢ ᠲᠤᠭᠤᠰᠢᠯᠠᠭᠤᠯᠤᠨ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ | ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠪᠠᠶᠢᠳᠠᠯ ᠢ ᠪᠠᠲᠤᠯᠠᠪᠠ᠃ | ᠭᠤᠣᠯ ᠪᠣᠯᠬᠤ ᠭᠦᠢᠴᠡᠳᠬᠡᠬᠦ ᠲᠤᠭ᠎ᠠ ᠯᠠᠪᠳᠠᠭᠤᠨ ᠢᠶᠠᠷ ᠨᠡᠮᠡᠭᠳᠡᠪᠡ᠃ ᠪᠦᠬᠦ ᠵᠢᠯ ᠤᠨ ᠵᠢᠱᠢᠯᠲᠡ ᠪᠠᠷ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 4 ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 3.3% ᠪᠠᠷ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 7% ᠪᠠᠷ ᠨᠡᠮᠡᠭᠳᠡᠪᠡ᠃ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 10.2% ᠢᠶᠠᠷ | ᠨᠡᠮᠡᠭᠳᠡᠭᠦᠯᠦᠨ᠎ᠡ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠣᠨ︾ ᠤ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ 64 ᠲᠥᠷᠥᠯ ᠵᠦᠢᠯ ᠢ ᠲᠥᠰᠦᠪᠯᠡᠨ ᠨᠥᠭᠡᠴᠡᠯᠡᠵᠦ᠂ | 36 ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 100% ᠳᠤ | ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 4.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 22% ᠪᠠᠷ ᠨᠡᠮᠡᠭᠳᠡᠭᠦᠯᠦᠨ᠂ ᠬᠠᠯᠲᠤᠷᠢᠬᠤ ᠪᠠᠶᠢᠳᠠᠯ ᠢ ᠬᠤᠪᠢᠷᠠᠭᠤᠯᠵᠤ᠂ ᠰᠡᠷᠭᠦᠯᠲᠡ ᠶᠢᠨ ᠴᠢᠨᠠᠷᠲᠠᠶ ᠨᠡᠮᠡᠭᠳᠡᠯ ᠢ | ᠪᠡᠶᠡᠯᠡᠭᠦᠯᠪᠡ᠃ | ᠠᠵᠤ ᠦᠶ᠋ᠯᠡᠳᠪᠦᠷᠢ ᠶᠢᠨ ᠠᠵᠤ ᠠᠬᠤᠶ ᠦᠷᠭᠦᠯᠵᠢᠯᠡᠨ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠶ᠋ᠯᠡᠳᠪᠦᠷᠢ ᠶᠢᠨ ᠠᠵᠤ ᠠᠬᠤᠶᠢᠯᠠᠯ ᠤᠨ ᠦᠶ᠋ᠯᠡᠳᠬᠦᠨ ᠤ ᠶᠡᠷᠦᠩᠬᠡᠶ ᠥᠷᠲᠡᠭ ᠢ ᠵᠢᠱᠢᠯᠲᠡ ᠪᠠᠷ 47 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 15% ᠪᠠᠷ ᠨᠡᠮᠡᠭᠳᠡᠭᠦᠯᠦᠨ᠎ᠡ᠃ ᠠᠵᠤ ᠦᠶ᠋ᠯᠡᠳᠪᠦᠷᠢ ᠶᠢᠨ ᠲᠣᠮᠣ | ᠲᠥᠷᠥᠯ ᠤᠨ ᠠᠵᠢᠯ ᠲᠥᠷᠥᠯ ᠤᠨ ᠦᠶ᠋ᠯᠡᠳᠬᠦᠨ ᠤ ᠥᠷᠲᠡᠭ ᠵᠢᠴᠢ ᠭᠤᠤᠯ ᠪᠣᠯᠬᠤ ᠠᠵᠤ ᠦᠶ᠋ᠯᠡᠳᠪᠦᠷᠢ ᠶᠢᠨ | ᠦᠶ᠋ᠯᠡᠳᠬᠦᠨ ᠤ ᠭᠠᠷᠤᠯᠲᠠ ᠴᠥᠮ ᠵᠥᠪ ᠨᠡᠮᠡᠭᠳᠡᠯ ᠢ ᠪᠡᠶᠡᠯᠡᠭᠦᠯᠪᠡ᠃ ᠨᠡᠭᠦᠷᠡᠰᠦ ᠴᠢᠳᠬᠤᠬᠤ ᠺᠣᠮᠫᠠᠨᠢ ᠶᠢᠨ | ᠠᠶᠤᠯᠭᠦᠶ ᠶᠢᠨ ᠮᠡᠷᠭᠡᠵᠢᠯ ᠤᠨ ᠥᠭᠡᠷᠡᠴᠢᠯᠡᠯᠲᠡ᠂ ᠨᠡᠭᠦᠷᠡᠰᠦᠨ ᠲᠠᠯᠠᠪᠠᠢ ᠶᠢ ᠪᠢᠲᠡᠭᠦᠮᠵᠢᠯᠡᠬᠦ ᠵᠡᠷᠭᠡ ᠭᠤᠤᠯᠳᠠᠯᠭ᠎ᠠ ᠲᠠᠢ | ᠵᠦᠶ᠋ᠯᠡᠰ ᠢ ᠡᠮᠬᠢ ᠵᠢᠷᠤᠮ ᠲᠠᠢ ᠠᠬᠢᠭᠤᠯᠪᠠ᠃ ᠨᠡᠭᠦᠷᠡᠰᠦᠨ ᠤ ᠠᠵᠢᠯ ᠲᠦᠷᠦᠯ ᠳᠤ 1728 ᠲᠦᠮᠡᠨ ᠲᠣᠨ | ᠲᠦᠭᠦᠬᠡᠶ ᠨᠡᠭᠦᠷᠡᠰᠦ ᠦᠶ᠋ᠯᠡᠳᠪᠦᠷᠢᠯᠡᠵᠦ᠂ 6% ᠪᠠᠷ ᠨᠡᠮᠡᠭᠳᠡᠭᠦᠯᠦᠨ᠎ᠡ︔ ᠠᠵᠤ ᠦᠶ᠋ᠯᠡᠳᠪᠦᠷᠢ ᠶᠢᠨ ᠦᠢᠯᠡᠳᠬᠦᠨ ᠤ | ᠶᠡᠷᠦᠩᠬᠡᠢ ᠥᠷᠲᠡᠭ ᠢ 34 ᠳ᠋ᠦᠩᠰᠢᠭᠤᠷ ᠲᠥᠭᠦᠷᠢᠭ ᠪᠡᠶᠡᠯᠡᠭᠦᠯᠵᠦ᠂ 14% ᠪᠠᠷ ᠨᠡᠮᠡᠭᠳᠡᠭᠦᠯᠦᠨ᠎ᠡ᠃ ᠴᠠᠬᠢᠯᠭᠠᠨ | ᠬᠦᠴᠦᠨ ᠤ ᠠᠵᠢᠯ ᠲᠥᠷᠥᠯ ᠤᠨ ᠴᠠᠬᠢᠯᠭᠠᠨ ᠭᠠᠷᠭᠠᠯᠲᠠ 28.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | 12% ᠨᠡᠮᠡᠭᠳᠡᠪᠡ︔ ᠠᠵᠤ ᠦᠶ᠋ᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 10 ᠳ᠋ᠦᠩᠰᠢᠭᠤᠷ | ᠲᠥᠭᠦᠷᠢᠭ ᠲᠤ ᠬᠦᠷᠭᠡᠵᠦ᠂ 13% ᠪᠠᠷ ᠨᠡᠮᠡᠭᠳᠡᠭᠦᠯᠦᠨ᠎ᠡ᠃ ᠪᠣᠯᠪᠠᠰᠤᠷᠠᠭᠤᠯᠤᠨ ᠦᠢᠯᠡᠳᠬᠦ ᠦᠢᠯᠡᠰ ᠤᠨ ᠠᠵᠤ | ᠦᠶ᠋ᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 2 ᠳ᠋ᠦᠩᠰᠢᠭᠤᠷ ᠲᠥᠭᠦᠷᠢᠭ ᠲᠤ ᠬᠦᠷᠭᠡᠵᠦ᠂ 38% | ᠪᠠᠷ᠎ᠠ ᠨᠡᠮᠡᠭᠳᠡᠭᠦᠯᠦᠨ᠎ᠡ᠃ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠠᠵᠤ ᠦᠶ᠋ᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠳᠡᠭ 5400 ᠲᠦᠮᠡᠨ ᠲᠥᠭᠦᠷᠢᠭ ᠢ ᠪᠡᠶᠡᠯᠡᠭᠦᠯᠵᠦ᠂ 4% ᠪᠠᠷ ᠨᠡᠮᠡᠭᠳᠡᠪᠡ᠃ | ᠭᠦᠨ ᠡᠨᠧᠷᠭᠢ ᠶᠢᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠭᠡᠷᠡᠯ ᠸᠣᠯᠲ ᠤᠨ ᠴᠠᠬᠢᠯᠭᠠᠨ | ᠭᠠᠷᠭᠠᠬᠤ ᠳᠤ ᠶᠡᠷᠦᠩᠬᠡᠶᠢᠯᠡᠭᠰᠡᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠪᠡᠶᠡᠯᠡᠭᠦᠯᠵᠡᠶ᠃ ᠴᠢ ᠲᠦᠩ | ᠭᠡᠷᠡᠯ ᠴᠡᠨᠡᠭ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 50 ᠰᠠᠶ᠎ᠠ ᠸᠠᠲ ᠳᠤ ᠬᠦᠷᠴᠡᠶ᠃ 7200 ᠲᠦᠮᠡᠨ ᠺᠢᠯᠣᠸᠠᠲ ᠤᠨ ᠴᠠᠬᠢᠯᠭᠠᠨ | ᠭᠠᠷᠭᠠᠬᠤ ᠣᠶᠢᠶ᠎ᠠ ᠳᠤ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠲᠦᠷᠭᠡᠨ ᠨᠡᠮᠡᠭᠳᠡᠵᠦ᠂ 6.8 | ᠳ᠋ᠦᠩᠰᠢᠭᠤᠷ ᠺᠢᠯᠣᠸᠠᠲ ᠴᠠ ᠭᠭᠠᠷᠭᠠᠵᠤ᠂ 42% ᠢᠶᠠᠷ ᠨᠡᠮᠡᠭᠳᠡᠪᠡ᠃ ᠠᠵᠤ ᠦᠶ᠋ᠯᠡᠳᠪᠦᠷᠢ ᠶᠢᠨ ᠬᠦᠷᠢᠶᠡᠯᠡᠩ | ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠶᠡᠷᠦᠩᠬᠡᠢ | ᠲᠥᠯᠥᠪᠵᠢᠭᠦᠯᠪᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠬᠢᠨᠠᠨ ᠲᠣᠭᠲᠠᠭᠠᠬᠤ ᠱᠠᠲᠤᠨ ᠳᠤ | ᠣᠷᠣᠵᠤ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠡᠬᠢᠯᠡᠨ ᠨᠠᠶᠢᠷᠠᠭᠤᠯᠤᠨ᠎ᠠ᠃ | ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ ᠲᠤᠰᠤ ᠪᠣᠯᠪᠠᠰᠤᠷᠠᠭᠤᠯᠬᠤ ᠵᠦᠶ᠋ᠯᠡᠰ ᠢ ᠤᠷᠤᠭᠰᠢᠲᠠᠶ ᠠᠬᠢᠭᠤᠯᠪᠠ᠃ | ᠠᠭᠤᠷ ᠬᠠᠩᠭᠠᠬᠤ ᠬᠤᠭᠤᠯᠠᠢ ᠲᠣᠣᠷ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠤᠨ ᠦᠢᠯᠡᠰ ᠥᠷᠨᠢᠨ ᠬᠥᠭᠵᠢᠪᠡ᠃ ᠳᠣᠭᠰᠢᠨ ᠳᠠᠯᠠᠢ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠨᠠᠶᠢᠳᠠᠨ ᠬᠠᠮᠢᠶᠠᠷᠤᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ | ᠠᠭᠤᠷᠬᠠᠶ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ | ᠲᠥᠪ ᠫᠠᠶᠢᠰᠠ ᠰᠡᠬᠦᠵᠦ ᠨᠡᠭᠡᠭᠡᠯᠲᠡ ᠬᠢᠵᠦ᠂ ᠵᠠᠯᠠᠶᠢᠨᠠᠭᠤᠷ ᠶᠠᠷᠢᠶᠠᠨ ᠤ ᠲᠠᠪᠴᠠᠩ᠂ ᠳᠣᠭᠰᠢᠨ ᠲᠠᠯ᠎ᠠ ᠨᠤᠲᠤᠭ ᠤᠨ | ᠰᠣᠶᠣᠯ ᠵᠢᠭᠤᠯᠴᠢᠯᠠᠯ ᠤᠨ ᠨᠠᠶᠢᠷ ᠪᠠ ᠣᠯᠠᠨ ᠤᠯᠤᠰ ᠤᠨ ᠴᠢᠭᠯᠡᠯᠲᠦ ᠬᠥᠳᠡᠯᠭᠡᠭᠡᠨ ᠤ ᠤᠷᠢᠯᠭ᠎ᠠ ᠶᠢᠨ ᠤᠷᠤᠯᠳᠤᠭᠠᠨ | ᠡᠷᠭᠢᠯᠡᠪᠡ᠃ ᠵᠤᠭᠠᠴᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭ ᠲᠠᠷᠠᠬᠠᠶ | ᠪᠤᠲᠠᠷᠬᠠᠶ ᠦᠵᠡᠮᠵᠢ ᠶᠢᠨ ᠣᠷᠣᠨ ᠦᠵᠡᠮᠵᠢ ᠶᠢᠨ ᠣᠷᠣᠨ ᠢ ᠴᠡᠪᠡᠷᠯᠡᠨ ᠴᠡᠭᠴᠡᠯᠡᠵᠦ᠂ ᠲᠣᠭᠲᠠᠭᠠᠯ ᠠᠴᠠ | ᠵᠥᠷᠢᠴᠡᠭᠰᠡᠨ ᠮᠣᠷᠢᠨ ᠤᠷᠤᠯᠳᠤᠭᠠᠨ ᠤ ᠲᠠᠯᠠᠪᠠᠶ ᠶᠢ ᠨᠤᠷᠠᠭᠠᠨ ᠠᠷᠢᠯᠭᠠᠵᠤ᠂ ᠵᠢᠭᠤᠯᠴᠢᠯᠠᠯ ᠤᠨ ᠡᠮᠬᠢ ᠵᠢᠷᠤᠮ ᠢ | ᠪᠥᠬᠦ ᠲᠠᠯ᠎ᠠ ᠪᠠᠷ ᠵᠢᠷᠤᠮᠵᠢᠭᠤᠯᠪᠠ᠃ ᠪᠦᠬᠦ ᠵᠢᠯ ᠳᠤ ᠵᠤᠭᠠᠴᠠᠭᠰᠠᠳ ᠢ 380 ᠭᠠᠷᠤᠢ ᠲᠦᠮᠡᠨ ᠬᠥᠮᠦᠨ ᠤᠳᠠᠭ᠎ᠠ | ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 2.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠯᠠᠨ ᠲᠦᠮᠡᠨ ᠤ | ᠤᠷᠠᠨ ᠰᠠᠶᠢᠬᠠᠨ ᠤ ᠲᠣᠭᠯᠠᠯᠲᠠ ᠶᠢ 70 ᠤᠳᠠᠭ᠎ᠠ ᠥᠷᠨᠢᠭᠦᠯᠵᠦ᠂ ᠴᠠᠭᠠᠰᠤᠨ ᠰᠤᠷᠪᠤᠯᠵᠢ ᠪᠢᠴᠢᠭ ᠵᠢᠭᠡᠯᠡᠨ | ᠤᠩᠰᠢᠭᠰᠠᠨ ᠬᠡᠮᠵᠢᠶ᠎ᠡ ᠲᠦᠮᠡᠨ ᠳᠡᠪᠲᠡᠷ ᠤᠳᠠᠭ᠎ᠠ ᠶᠢ ᠳᠠᠪᠠᠪᠠ᠃ ᠰᠢᠯᠢᠳᠡᠭ ᠤᠳᠬ᠎ᠠ ᠤᠷᠠᠯᠢᠭ ᠤᠨ | ᠴᠢᠳᠠᠪᠤᠷᠢᠲᠠᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ | ᠬᠥᠬᠢᠭᠦᠯᠬᠦ ᠠᠵᠢᠯ ᠤᠨ ᠠᠷᠭ᠎ᠠ ᠶᠢ ᠨᠡᠶᠢᠲᠡᠯᠡᠨ᠎ᠡ᠃ ︽ᠵᠠᠯᠠᠶᠢᠨᠠᠭᠤᠷ ᠨᠠᠭᠤᠷ ᠠᠳᠠᠯᠢ ᠨᠠᠭᠤᠷ︾ ᠭᠡᠬᠦ ᠲᠧᠯᠸᠢᠰ | ᠰᠢᠯᠦᠭ ᠵᠣᠬᠢᠶᠠᠯ ᠤᠨ ᠠᠩᠬᠠᠨ ᠤ ᠲᠣᠭᠯᠠᠯᠲᠠ ᠶᠢᠨ ᠶᠣᠰᠣ ᠶᠢ ᠡᠷᠬᠢᠯᠡᠵᠦ᠂ ᠭᠤᠣᠯ ᠰᠡᠳᠦᠪᠲᠦ ᠭᠡᠷᠡᠯ ᠵᠢᠷᠤᠭ ᠤᠨ | ᠦᠵᠡᠭᠦᠯᠭᠡ ᠬᠥᠬᠡᠬᠤᠲᠠ᠂ ᠱᠧᠨᠵᠧᠨ᠂ ᠰᠢᠶᠠᠮᠧᠨ ᠵᠡᠷᠭᠡ ᠭᠠᠵᠠᠷ ᠲᠤ ᠬᠦᠷᠴᠦ᠂ ᠵᠠᠯᠠᠶᠢᠨᠠᠭᠤᠷ ᠤᠨ ᠥᠨᠢ ᠤᠳᠠᠭᠠᠨ | ᠲᠡᠦᠬᠡ ᠪᠠ ᠭᠡᠷᠡᠯ ᠰᠠᠴᠤᠷᠠᠩᠭᠤᠢ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃ ᠣᠩᠭᠤᠨ ᠤ ᠰᠦᠷᠦᠭ ᠤᠨ | ᠲᠣᠰ ᠴᠣᠭᠴᠠ ᠶᠢ ᠬᠠᠮᠠᠭᠠᠯᠠᠬᠤ ᠢᠨᠵᠧᠨᠧᠷᠢᠩ ᠢ ᠥᠷᠨᠢᠭᠦᠯᠦᠨ᠎ᠡ᠃ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ | ᠣᠷᠣᠰ ᠶᠠᠫᠣᠨ ᠤ ᠪᠠᠷᠢᠯᠭ᠎ᠠ ᠶᠢᠨ ᠰᠦᠷᠦᠭ ᠤᠨ ᠲᠡᠤᠬᠡ ᠰᠣᠶᠣᠯ ᠤᠨ ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ | ᠣᠷᠣᠨ ᠤ ᠲᠠᠰ ᠤᠨ ᠳᠣᠯᠣᠳᠤᠭᠠᠷ ᠪᠦᠯᠦᠭ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠭᠠᠷᠴᠠᠭ ᠲᠤ ᠵᠢᠭᠰᠠᠭᠠᠨ | ᠣᠷᠣᠭᠤᠯᠵᠠᠶ᠃ | ︵ᠬᠤᠶᠠᠷ︶ ︽ᠭᠤᠷᠪᠠᠨ ᠶᠡᠭᠡ ᠪᠡᠷᠬᠡ ᠰᠡᠳᠦᠪ ᠢ ᠰᠢᠶ᠋ᠳᠪᠦᠷᠢᠯᠡᠬᠦ ᠳᠠᠶᠢᠯᠠᠯᠳᠤᠭᠠᠨ︾ ᠢ ᠯᠠᠪᠳᠠᠭᠤᠨ ᠪᠠᠲᠤᠲᠠᠶ | ᠠᠬᠢᠭᠤᠯᠪᠠ᠃ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠬᠥᠭᠵᠢᠯᠲᠡ ᠶᠢ ᠡᠷᠢᠯᠬᠢᠯᠡᠬᠦ ᠶᠢ ᠵᠡᠷᠭᠡᠪᠡᠷ | ᠴᠢᠬᠤᠯᠠᠴᠢᠯᠠᠬᠤ᠂ ᠬᠤᠷᠢᠭ᠎ᠠ ᠱᠤᠭᠤᠮ ᠢ ᠪᠠᠲᠤᠯᠠᠬᠤ ᠪᠠ ᠠᠵᠤ ᠦᠶ᠋ᠯᠡᠰ ᠢ ᠲᠡᠳᠬᠦᠬᠦ ᠶᠢ ᠵᠡᠷᠭᠡᠪᠡᠷ ᠴᠢᠬᠤᠯᠠᠴᠢᠯᠠᠬᠤ᠂ | ᠲᠣᠭᠲᠠᠴᠠ ᠪᠠ ᠳᠤᠲᠠᠭᠤᠳᠠᠯ ᠢ ᠨᠥᠬᠦᠪᠥᠷᠢᠯᠡᠬᠦ ᠶᠢ ᠵᠡᠷᠭᠡᠪᠡᠷ ᠬᠡᠷᠡᠭᠵᠢᠭᠦᠯᠬᠦ᠂ ᠬᠠᠭᠤᠴᠢᠨ ᠳᠠᠩᠰᠠ ᠶᠢ | ᠰᠢᠶ᠋ᠳᠪᠦᠷᠢᠯᠡᠬᠦ ᠪᠠ ᠰᠢᠨ᠎ᠡ ᠪᠠᠶᠢᠳᠠᠯ ᠢ ᠨᠡᠭᠡᠭᠡᠬᠦ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠬᠦᠴᠦᠨ ᠢᠶᠠᠨ | ᠲᠥᠪᠯᠡᠷᠡᠭᠦᠯᠦᠨ ᠬᠦᠴᠢᠷ ᠠᠰᠠᠭᠤᠳᠠᠯ ᠢ ᠡᠷᠡᠰ ᠰᠢᠢᠳᠪᠦᠷᠢᠯᠡᠵᠦ᠂ ᠬᠠᠲᠠᠭᠤ ᠡᠭᠦᠷᠭᠡ ᠶᠢ ᠪᠡᠶᠡᠯᠡᠭᠦᠯᠵᠦ᠂ ᠬᠦᠨᠳᠦ | ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ᠂ ᠶᠠᠳᠠᠭᠤ ᠶᠢ ᠲᠡᠳᠬᠦᠵᠦ ᠬᠦᠴᠢᠷᠳᠡᠯ ᠢ | ᠬᠠᠪᠰᠤᠷᠤᠨ ᠬᠦᠴᠦ ᠪᠠᠨ ᠲᠥᠪᠯᠡᠷᠡᠭᠦᠯᠬᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠬᠤ ᠶᠢ ᠪᠠᠲᠤᠯᠠᠪᠠ᠃ ᠥᠷᠢ ᠰᠢᠷᠢ ᠠᠷᠢᠯᠭᠠᠬᠤ ᠲᠥᠰᠦᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠪᠠᠷ | ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠡᠷᠡᠰ | ᠰᠡᠷᠭᠡᠶᠢᠯᠡᠨ᠂ 1.45 ᠳ᠋ᠦᠩᠰᠢᠭᠤᠷ ᠲᠥᠭᠦᠷᠢᠭ ᠤᠨ ᠥᠷᠢ ᠰᠢᠷᠢ ᠶᠢ ᠠᠷᠢᠯᠭᠠᠨ᠂ ᠣᠨ ᠡᠭᠦᠷᠭᠡ ᠪᠠᠨ 183% | ᠪᠠᠷ᠎ᠠ ᠪᠡᠶᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠ ᠳᠤ 1. | 23 ᠳ᠋ᠦᠩᠰᠢᠭᠤᠷ ᠲᠥᠭᠦᠷᠢᠭ ᠤᠨ ᠥᠷᠢ ᠰᠢᠷᠢ ᠶᠢ ᠢᠯᠭᠠᠷᠠᠭᠤᠯᠤᠨ ᠴᠡᠪᠡᠷᠯᠡᠵᠦ᠂ ᠣᠷᠣᠨ ᠨᠤᠲᠤᠭ ᠤᠨ | ᠥᠭᠴᠡᠭᠡᠨ ᠤ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠤᠨ᠎ᠠ᠃ ᠬᠢᠨᠠᠨ ᠪᠣᠳᠣᠵᠤ ᠬᠢᠨᠠᠯᠲᠠ ᠲᠠᠯᠪᠢᠬᠤ | ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠲᠥᠷᠥᠯ ᠵᠦᠢᠯ ᠤᠨ ᠪᠦᠲ ᠦᠭᠡᠨ ᠪᠠᠶᠢᠭᠤᠯᠤᠯᠲᠠ ᠶᠢ ᠴᠢᠩᠭ᠎ᠠ | ᠠᠩᠬᠠᠷᠴᠤ᠂ ᠬᠢᠨᠠᠨ ᠪᠣᠳᠣᠯᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ 1.31 ᠳ᠋ᠦᠩᠰᠢᠭᠤᠷ | ᠲᠥᠭᠦᠷᠢᠭ ᠲᠤ ᠬᠦᠷᠴᠦ᠂ 2 200 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠪᠠ᠃ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠵᠤ᠂ ᠪᠦᠬᠦᠨ ᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷ | ᠠᠭᠤᠯᠪᠠ᠃ ᠮᠥᠩᠭᠦᠨ ᠭᠦᠶ᠋ᠯᠭᠡᠭᠡᠨ᠂ ᠭᠠᠳᠠᠭᠠᠳᠤ ᠠᠷᠠᠯᠵᠢᠶ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠬᠤᠤᠰᠯᠠᠯ | ᠪᠣᠯᠵᠤ ᠬᠠᠪᠰᠤᠷᠤᠨ ᠲᠡᠳᠬᠦᠬᠦ ᠵᠡᠷᠭᠡ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ | 1800 ᠭᠠᠷᠤᠢ ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠵᠤ᠂ 880 ᠭᠠᠷᠤᠢ ᠡᠷᠦᠬᠡ | ᠬᠠᠷᠢ ᠴᠠᠩᠭᠤᠢ ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠦᠢᠯᠡᠰ ᠪᠣᠰᠬᠠᠨ ᠣᠷᠣᠯᠭ᠎ᠠ ᠪᠠᠨ | ᠨᠡᠮᠡᠭᠳᠡᠭᠦᠯᠪᠡ︔ ᠬᠠᠪᠰᠤᠷᠤᠨ ᠲᠡᠳᠬᠦᠬᠦ ᠬᠦᠴᠢᠷᠳᠡᠯ ᠲᠠᠢ ᠭᠡᠷ ᠪᠦᠯᠢ 141 ᠡᠷᠦᠬᠡ ᠪᠣᠯᠪᠠ᠃ ᠬᠢᠯᠢ ᠶᠢᠨ | ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠭᠠᠶᠢᠯᠢ ᠬᠡᠯᠲᠦᠷᠢᠭᠦᠯᠬᠦ ᠠᠷᠠᠯᠵᠢᠶ᠎ᠠ 5.4 | ᠲᠦᠮᠡᠨ ᠬᠥᠮᠦᠨ ᠤᠳᠠᠭ᠎ᠠ ᠳᠤ ᠬᠦᠷᠴᠦ᠂ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠳᠠᠶᠢᠴᠢᠯᠠᠨ 800 | ᠲᠦᠮᠡᠨ ᠲᠥᠭᠦᠷᠢᠭ ᠰᠢᠬᠠᠮᠳᠠᠭᠤᠯᠵᠤ᠂ ᠶᠠᠳᠠᠭᠤ ᠶᠢ ᠲᠡᠳᠬᠦᠵᠦ ᠬᠦᠴᠢᠷᠳᠡᠯ ᠢ ᠬᠠᠪᠰᠤᠷᠤᠨ ᠲᠡᠳᠬᠦᠬᠦ ᠠᠵᠢᠯ | ᠢᠯᠡᠳᠲᠡ ᠦᠷ᠎ᠡ ᠪᠦᠲᠦᠮᠵᠢ ᠣᠯᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ 14 ᠵᠦᠶ᠋ᠯ ᠤᠨ ᠴᠡᠭᠴᠡᠯᠡᠨ ᠰᠠᠶᠢ ᠵᠢᠷᠠᠭᠤᠯᠬᠤ ᠡᠭᠦᠷᠭᠡ ᠶᠢ ᠴᠥᠮ ᠱᠠᠭᠠᠷᠳᠠᠯᠭ᠎ᠠ ᠶᠣᠰᠣᠭᠠᠷ | ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠲᠠᠯ᠎ᠠ ᠨᠤᠲᠤᠭ ᠤᠨ ᠠᠮᠢ ᠠᠬᠤᠢ ᠣᠷᠴᠢᠨ | ᠲᠣᠭᠤᠷᠢᠨ ᠤ ᠲᠤᠰᠬᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠡᠷᠦᠩᠬᠡᠢ | ᠡᠭᠦᠷᠭᠡ ᠶᠢᠨ 82.4% ᠶᠢ ᠪᠡᠶᠡᠯᠡᠭᠦᠯᠵᠡᠢ᠃ ᠳᠡᠭᠡᠳᠦ ᠱᠠᠲᠤᠨ ᠤ ᠣᠨ ᠬᠠᠷᠠᠯᠲᠠ ᠪᠠᠨ ᠳᠠᠪᠠᠭᠤᠯᠤᠨ | ᠪᠡᠶᠡᠯᠡᠭᠦᠯᠦᠨ᠎ᠡ᠃ ᠳᠠᠯᠠᠢ ᠨᠠᠭᠤᠷ ᠤᠨ ᠢᠯᠴᠢ ᠶᠢᠨ ᠴᠠᠬᠢᠯᠭᠠᠨ᠂ ᠳᠠᠯᠠᠢ ᠨᠠᠭᠤᠷ ᠤᠨ ᠭᠤᠸᠠᠨᠲ᠋ᠧᠦ ᠶᠢᠨ ᠦᠢᠯᠡᠳᠪᠦᠷᠢ | ᠂ ᠶᠤᠸᠠᠨ ᠯᠢ ᠴᠢ ᠨᠠᠷᠲᠠᠢ ᠨᠡᠭᠦᠷᠡᠰᠦ᠂ ᠬᠤᠤ ᠳ᠋ᠢ ᠲᠣᠭᠤᠰᠬ᠎ᠠ ᠶᠢᠨ ᠦᠢᠯᠡᠳᠪᠦᠷᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠪᠡ᠃ 32 ᠰᠠᠭᠤᠷᠢ ᠨᠡᠭᠦᠷᠡᠰᠦ ᠰᠢᠲᠠᠭᠠᠬᠤ | ᠵᠢᠵᠢᠭ ᠭᠦᠸᠧᠯᠦ ᠶᠢ ᠰᠢᠭᠰᠢᠭᠳᠡᠭᠦᠯᠪᠡ᠃ 11 ᠮᠣᠳᠣᠨ ᠮᠠᠲ᠋ᠧᠷᠢᠶᠠᠯ ᠤᠨ ᠠᠵᠤ ᠠᠬᠤᠶᠢᠯᠠᠯ ᠠᠮᠢᠳᠤ ᠪᠣᠳᠠᠰ ᠤᠨ | ᠵᠤᠤᠬ᠎ᠠ ᠶᠢ ᠥᠭᠡᠷᠡᠴᠢᠯᠡᠨ ᠰᠢᠨᠡᠳᠬᠡᠪᠡ᠃ 4 ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠬᠦᠷᠢᠶᠡᠯᠡᠩ | ᠲᠣᠭᠤᠷᠢᠭ ᠲᠤ ᠣᠷᠣᠵᠤ ᠢᠯᠴᠢ ᠬᠠᠩᠭᠠᠪᠠ᠃ ᠪᠣᠬᠢᠷᠲᠤᠯ ᠶᠡᠬᠡᠲᠡᠶ ᠲᠦᠯᠡᠰᠢ ᠰᠢᠲᠠᠭᠠᠯᠭ᠎ᠠ ᠶᠢ ᠴᠠᠭᠠᠵᠠᠯᠠᠬᠤ | ᠣᠷᠣᠨ ᠢ 4.1 ᠲᠡᠭᠰᠢ ᠳᠥᠷᠪᠡᠯᠵᠢᠨ ᠺᠢᠯᠣᠮᠧᠲᠷ ᠵᠠᠭᠠᠭᠯᠠᠨ ᠲᠣᠭᠲᠠᠭᠠᠨ᠎ᠠ᠃ ᠲᠣᠰᠣ ᠨᠡᠮᠡᠬᠦ ᠥᠷᠲᠡᠭᠡ ᠶᠢᠨ ᠭᠠᠵᠠᠷ | ᠳᠣᠤᠷᠠᠬᠢ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠯᠲᠡ ᠶᠢ ᠪᠦᠬᠦᠨ ᠢ ᠪᠡᠶᠡᠯᠡᠭᠦᠯᠪᠡ᠃ ᠠᠵᠤ | ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠲᠣᠭᠲᠠᠭᠤᠨ | ᠠᠵᠢᠯᠯᠠᠵᠤ᠂ ᠠᠮᠢᠳᠤᠷᠠᠯ ᠤᠨ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠲᠠᠰ ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠳ᠋ᠤᠭᠠᠷ ᠬᠠᠰᠤᠬᠤ ᠰᠢᠯᠭᠠᠨ ᠬᠤᠷᠢᠶᠠᠬᠤ ᠪᠠᠷ | ᠳᠠᠮᠵᠢᠭᠤᠯᠪᠠ᠃ |