ᠵᠠᠰᠠᠭ ᠤᠨ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2020/8/20
    2020 ᠣᠨ ᠤ ᠵᠠᠰᠠᠭ ᠤᠨ ᠠᠵᠢᠯ ᠤᠨ ᠢᠯᠡᠳᠬᠡᠯ ︵ᠬᠤᠶᠠᠷ︶     ︵ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠪᠢᠳᠡ ᠢᠮᠠᠭᠲᠠ ᠤᠬᠠᠮᠰᠠᠷ ᠠᠴᠠ ᠪᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠥᠯᠥᠨ ᠨᠠᠭᠤᠷ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠢᠳᠠᠪᠤᠷᠢᠵᠢᠭᠤᠯᠬᠤ᠂ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠠᠬᠢᠭᠤᠯᠵᠤ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠭᠡᠷ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠶᠢ ᠨᠠᠢᠳᠠᠪᠤᠷᠢᠵᠢᠭᠤᠯᠬᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠣᠷᠴᠢᠨ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠣᠳᠠᠲᠠᠶ ᠪᠠᠷ ᠲᠦᠯᠬᠢᠨ ᠠᠬᠢᠭᠤᠯᠵᠤ᠂ ᠨᠢᠭᠡ ᠭᠤᠣᠯ ᠨᠢᠭᠡ ᠨᠠᠭᠤᠷ ᠲᠤ ᠨᠢᠭᠡ ᠠᠷᠭ᠎ᠠ ᠪᠣᠳᠣᠯᠭ᠎ᠠ ᠠᠪᠬᠤ ᠶᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯ ᠮᠥᠷᠡᠨ᠂ ᠨᠠᠭᠤᠷ ᠴᠥᠭᠦᠷᠥᠮ ᠢ 75 ᠤᠳᠠᠭ᠎ᠠ ᠴᠠᠭᠳᠠᠨ ᠪᠠᠶᠢᠴᠠᠭᠠᠪᠠ᠃ ᠭᠤᠤᠯ ᠮᠥᠷᠡᠨ ᠨᠠᠭᠤᠷ ᠴᠥᠭᠦᠷᠥᠮ ᠤᠨ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠨ᠎ᠠ᠃ ᠰᠡᠷᠡᠮᠵᠢᠯᠡᠭᠦᠯᠬᠦ ᠲᠡᠮᠳᠡᠭ ᠲᠠᠯᠪᠢᠬᠤ᠂ ᠭᠤᠤᠯ ᠤᠨ ᠵᠠᠮ ᠤᠨ ᠬᠤᠭ ᠨᠣᠪᠰᠢ ᠶᠢ ᠴᠡᠪᠡᠷᠯᠡᠬᠦ᠂ ᠭᠤᠤᠯ ᠳᠠᠭᠠᠤ ᠬᠠᠶᠠᠭᠳᠠᠮᠠᠯ ᠭᠡᠷ ᠪᠠᠶᠢᠰᠢᠩ ᠢ ᠨᠤᠷᠠᠭᠠᠬᠤ᠂ ᠨᠠᠭᠤᠷ ᠤᠨ ᠡᠷᠭᠢ ᠶᠢᠨ ᠲᠠᠩ ᠭᠠᠵᠠᠷ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ 250 ᠲᠦᠮᠡᠨ ᠵᠢᠷᠠᠭᠠᠬᠠᠶ ᠶᠢ ᠦᠷᠡᠵᠢᠭᠦᠯᠦᠨ ᠭᠠᠳᠠᠭᠰᠢᠯᠠᠭᠤᠯᠵᠤ᠂ ᠭᠤᠤᠯ ᠮᠥᠷᠡᠨ᠂ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ᠃ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠲᠡᠭᠡᠭᠡᠪᠦᠷᠢ ᠶᠢᠨ ᠨᠡᠶᠢᠭᠡᠮ ᠲᠣᠭᠤᠷᠢᠭ ᠤᠨ ᠢᠰᠦᠯᠳᠦᠭᠰᠡᠨ ᠴᠥᠭᠦᠷᠥᠮ᠂ ᠤᠮᠠᠷᠠᠲᠤ ᠢᠰᠦᠯᠳᠦᠭᠰᠡᠨ ᠴᠥᠭᠦᠷᠥᠮ᠂ ᠵᠠᠳᠠᠭᠠᠶ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠴᠢᠨ ᠰᠢᠩ ᠲᠣᠭᠤᠰᠬᠠᠨ ᠦᠶ᠋ᠯᠡᠳᠪᠦᠷᠢ ᠶᠢ ᠨᠤᠷᠠᠭᠠᠬᠤ ᠵᠢᠴᠢ ᠠᠮᠢ ᠠᠬᠤᠶ ᠶᠢ ᠰᠡᠷᠭᠦᠭᠡᠬᠦ᠂ ᠪᠠᠭ᠎ᠠ ᠭᠤᠤᠯ ᠤᠨ ᠠᠳᠠᠭ ᠤᠨ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠡᠵᠡᠩᠨᠡᠯᠲᠡ ᠶᠢᠨ ᠲᠥᠬᠦᠭᠡᠷᠦᠮᠵᠢ ᠶᠢ ᠨᠤᠷᠠᠭᠠᠬᠤ 5 ᠲᠥᠷᠥᠯ ᠵᠦᠶ᠋ᠯ ᠢ ᠪᠦᠬᠦᠨ ᠢ ᠪᠡᠶᠡᠯᠡᠭᠦᠯᠵᠦ᠂ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠨᠡᠭᠦᠳᠡᠯ ᠠᠷᠠᠳ ᠤᠨ ᠢᠨᠵᠧᠨᠧᠷᠢᠩ ᠢ ᠬᠤᠭᠤᠴᠠᠭ᠎ᠠ ᠶᠣᠰᠣᠭᠠᠷ ᠳᠥᠯᠭᠢᠨ ᠠᠬᠢᠭᠤᠯᠪᠠ᠃ ᠥᠷᠭᠡᠨ ᠭᠤᠤᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠭᠤᠤᠯ ᠳᠠᠭᠠᠤ ᠶᠢᠨ ᠠᠷᠤ ᠬᠠᠵᠠᠭᠤ ᠶᠢᠨ ᠨᠠᠯᠠᠤ ᠭᠠᠵᠠᠷ ᠤᠨ 1000 ᠮᠦ ᠰᠢᠬᠠᠮ ᠲᠠᠷᠢᠶᠠᠨ ᠭᠠᠵᠠᠷ ᠲᠠᠷᠢᠬᠤ ᠶᠢ ᠴᠠᠭᠠᠵᠠᠯᠠᠵᠤ᠂ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠨᠡᠷ᠎ᠡ ᠪᠤᠷᠤᠭᠤᠯᠠᠭᠰᠠᠨ ᠬᠡᠷ ᠪᠠᠶᠢᠰᠢᠩ︾ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠶᠢ ᠡᠷᠡᠰ ᠰᠡᠷᠭᠡᠶᠢᠯᠡᠨ᠎ᠡ᠃ ᠠᠮᠠᠰᠠᠷ ᠢ ᠤᠷᠤᠭᠰᠢ ᠰᠢᠯᠵᠢᠭᠦᠯᠬᠦ᠂ ᠲᠡᠮᠲᠡᠷᠢᠭᠦᠯ ᠥᠨᠴᠥᠭ ᠢ ᠳᠣᠷᠣᠭᠰᠢ ᠰᠤᠩᠭᠠᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠷᠴᠢᠨ ᠠᠬᠤᠶ ᠶᠢ ᠪᠣᠬᠢᠷᠲᠤᠭᠤᠯᠤᠭᠰᠠᠨ᠂ ᠠᠮᠢ ᠠᠬᠤᠶ ᠶᠢ ᠡᠪᠳᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠶ᠋ᠳᠪᠦᠷᠢᠯᠡᠵᠦ᠂ ᠤᠰᠤᠨ ᠳᠤ ᠬᠤᠯᠪᠣᠭᠳᠠᠭᠰᠠᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 4 ᠬᠡᠷᠡᠭ ᠢ ᠬᠡᠷᠡᠭ ᠪᠣᠯᠭᠠᠨ ᠳᠠᠩ ᠰᠠᠯᠠᠵᠤ ᠪᠠᠶᠢᠴᠠᠭᠠᠨ ᠰᠢᠶ᠋ᠳᠪᠦᠷᠢᠯᠡᠵᠦ᠂ 4 ᠠᠵᠤ ᠠᠬᠤᠶᠢᠯᠠᠯ ᠢ ᠬᠠᠭᠠᠵᠤ ᠵᠣᠭᠰᠣᠭᠠᠵᠤ᠂ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ︽12369︾ ᠶᠢᠨ ᠵᠠᠭᠠᠯᠳᠤᠯᠭ᠎ᠠ ᠶᠢᠨ ᠬᠠᠯᠠᠭᠤᠨ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠤᠨ ᠵᠠᠭᠠᠯᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ 21 ᠬᠤᠪᠢ ᠬᠦᠯᠢᠶᠡᠨ ᠠᠪᠴᠤ᠂ ᠬᠡᠷᠡᠭ ᠢ ᠳᠠᠭᠤᠰᠬᠠᠭᠰᠠᠨ ᠨᠣᠷᠮ᠎ᠠ 100% ᠳᠤ ᠬᠦᠷᠪᠡ᠃ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠠᠩᠬᠠᠨ ᠤ ᠦᠷ᠎ᠡ ᠪᠦᠲᠦᠭᠡᠯ ᠤᠨ ᠬᠥᠮᠥᠷᠭᠡ ᠨᠢ ᠤᠯᠤᠰ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ 96.4% ᠳᠤ ᠬᠦᠷᠴᠡᠶ᠃    ︵ᠲᠦᠷᠪᠡ︶ ᠬᠤᠳᠠ ᠶᠢᠨ ᠳᠦᠷᠰᠦ ᠪᠠᠶᠢᠳᠠᠯ ᠠᠯᠬᠤᠮ ᠠᠯᠬᠤᠮ ᠢᠶᠠᠷ ᠬᠤᠪᠢᠷᠠᠪᠠ᠃ ᠪᠢᠳᠡ ᠬᠤᠲᠠ ᠶᠢᠨ ᠴᠢᠳᠠᠮᠵᠢ ᠶᠢ ᠬᠦᠴᠦᠯᠡᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠰᠠᠭᠤᠷᠢ ᠶᠢ ᠠᠳᠬᠤᠵᠤ᠂ ᠪᠦᠲᠦᠭᠡᠨ ᠪᠠᠶᠢᠭᠤᠯᠤᠯᠲᠠ ᠬᠢᠵᠦ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠤᠲᠠ ᠶᠢᠨ ᠰᠠᠭᠤᠷᠢ ᠲᠥᠬᠦᠭᠡᠷᠦᠮ ᠶᠢᠨ ᠳᠠᠭᠠᠭᠠᠴᠠ ᠤᠯᠠᠮ ᠨᠢᠭᠡ ᠠᠯᠬᠤᠮ ᠳᠡᠭᠡᠭᠰᠢᠯᠡᠪᠡ᠃ ᠰᠢᠨ᠎ᠡ ᠬᠠᠭᠤᠴᠢᠨ ᠬᠤᠲᠠ ᠲᠣᠭᠤᠷᠢᠭ ᠵᠢᠴᠢ ᠯᠢᠩ ᠴᠢᠤᠸᠠᠨ ᠣᠨᠴᠠᠯᠢᠭᠲᠤ ᠵᠢᠵᠢᠭ ᠪᠠᠯᠭᠠᠰᠤ ᠶᠢᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠠᠶᠢᠰᠢᠩ ᠪᠠᠷᠢᠬᠤ ᠲᠣᠭᠤᠷᠢᠭ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠶᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 2232 ᠡᠷᠦᠬᠡ ᠪᠠᠶᠢᠰᠢᠩ ᠢ ᠨᠤᠷᠠᠭᠠᠪᠠ᠃ ᠨᠣᠭᠤᠭᠠᠨ ᠬᠤᠷᠠᠮᠠᠯ ᠳᠤᠯᠠᠭᠠᠯᠠᠭ᠎ᠠ ᠶᠢᠨ ᠭᠡᠷ ᠪᠠᠷᠢᠯᠭ᠎ᠠ ᠳᠠᠭᠤᠰᠴᠤ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠢ ᠠᠬᠢᠭᠤᠯᠵᠤ᠂ ᠰᠢᠶᠠᠩ ᠹᠦ᠋ ᠶᠤᠸᠠᠨ ᠴᠡᠴᠡᠷᠯᠢᠭ᠂ ᠴᠢᠩ ᠴᠢᠤᠸᠠᠨ ᠬᠤᠸᠠ ᠹᠦ᠋ ᠵᠡᠷᠭᠡ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠪᠠ᠃ ᠬᠤᠯᠠ ᠵᠠᠮ ᠤᠨ ᠠᠶᠠᠨᠴᠢᠳ ᠲᠡᠭᠡᠭᠡᠪᠦᠷᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠠᠭᠤᠰᠴᠤ᠂ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠮᠤᠬᠤᠯᠠᠭ᠂ ᠵᠠᠮ ᠤᠨ ᠰᠡᠷᠡᠮᠵᠢ ᠶᠢᠨ ᠫᠠᠶᠢᠰᠠ ᠶᠢ ᠠᠰᠢᠭᠯᠠᠯᠲᠠ ᠳᠤ ᠣᠷᠣᠭᠤᠯᠵᠤ᠂ ᠵᠠᠮ ᠤᠨ ᠨᠥᠬᠦᠪᠥᠷᠢ᠂ ᠵᠠᠮ ᠤᠨ ᠬᠠᠪᠲᠠᠰᠤ ᠶᠢᠨ ᠨᠥᠬᠦᠪᠥᠷᠢ ᠵᠡᠷᠭᠡ 30 ᠭᠠᠷᠤᠶ ᠵᠦᠶ᠋ᠯ ᠤᠨ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠡᠶ᠃ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ︽ᠭᠤᠷᠪᠠ ᠶᠢ ᠬᠠᠩᠭᠠᠬᠤ ᠨᠢᠭᠡ ᠦᠢᠯᠡᠰ︾ ᠤᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ 58 ᠺᠢᠯᠣᠮᠧᠳ᠋ᠷ ᠤᠨ ᠤᠰᠤ ᠬᠠᠩᠭᠠᠬᠤ ᠬᠤᠭᠤᠯᠠᠢ ᠶᠢᠨ ᠲᠣᠣᠷ᠂ 58 ᠺᠢᠯᠣᠮᠧᠳ᠋ᠷ ᠤᠨ ᠢᠯᠴᠢ ᠶᠢᠨ ᠬᠤᠭᠤᠯᠠᠢ ᠶᠢᠨ ᠲᠣᠣᠷ᠂ 340 ᠺᠢᠯᠣᠮᠧᠳ᠋ᠷ ᠤᠨ ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠰᠢᠨᠡᠳᠬᠡᠪᠡ᠃ ᠬᠤᠭ ᠨᠣᠪᠰᠢ ᠶᠢ ᠰᠢᠶ᠋ᠳᠪᠦᠷᠢᠯᠡᠬᠦ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠰᠢᠶ᠋ᠳᠪᠦᠷᠢᠯᠡᠬᠦ ᠲᠠᠯᠠᠪᠠᠢ ᠪᠠ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ ᠶᠢ ᠪᠠᠶᠢᠭᠤᠯᠵᠤ᠂ 1100 ᠭᠠᠷᠤᠶ ᠬᠤᠭ ᠨᠣᠪᠰᠢ ᠶᠢᠨ ᠴᠡᠭ ᠢ ᠪᠠᠶᠢᠩᠭᠤᠵᠢᠭᠤᠯᠤᠨ ᠴᠡᠪᠡᠷᠯᠡᠨ ᠲᠡᠭᠡᠭᠡᠪᠦᠷᠢᠯᠡᠬᠦ ᠶᠢ ᠪᠡᠶᠡᠯᠡᠭᠦᠯᠪᠡ᠃ ᠪᠣᠷᠣᠭᠠᠨ ᠤ ᠤᠯᠠᠷᠢᠯ ᠤᠨ ᠵᠠᠮ ᠤᠨ ᠲᠤᠨᠤᠮᠠᠯ ᠤᠰᠤ ᠶᠢ ᠴᠡᠪᠡᠷᠯᠡᠵᠦ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢ ᠠᠶᠤᠯ ᠠᠴᠠ ᠠᠪᠤᠷᠠᠨ ᠨᠡᠪᠲᠡᠷᠡᠭᠦᠯᠵᠦ᠂ ᠨᠡᠭᠦᠲᠡᠯ ᠳᠡᠯᠭᠡᠭᠦᠷ᠂ ᠬᠤᠳᠠᠯᠳᠤᠭᠠᠴᠢᠨ ᠵᠢᠴᠢ ᠵᠠᠮ ᠡᠵᠡᠯᠡᠭᠰᠡᠨ ᠡᠵᠡᠩᠨᠡᠯᠲᠡ ᠶᠢᠨ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠬᠤᠲᠠ ᠶᠢᠨ ᠳᠦᠷᠰᠦ ᠪᠠᠢᠳᠠᠯ ᠨᠠᠩ ᠴᠡᠪᠡᠷ ᠲᠡᠭᠰᠢ ᠪᠣᠯᠪᠠ᠃    ︵ᠲᠠᠪᠤ︶ ᠥᠭᠡᠷᠡᠴᠢᠯᠡᠯᠲᠡ ᠨᠡᠭᠡᠭᠡᠯᠲᠡ ᠡᠳᠦᠷ ᠢᠷᠡᠬᠦᠶ᠎ᠡ ᠭᠦᠨᠵᠡᠭᠡᠶᠢᠷᠡᠪᠡ᠃ ᠪᠢᠳᠡ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠢᠯᠠᠨ ᠳᠠᠪᠠᠵᠤ᠂ ᠨᠡᠭᠡᠭᠡᠯᠲᠡ ᠬᠢᠬᠦ ᠪᠠᠷ ᠲᠤᠯᠭᠠᠭᠤᠷᠢᠯᠠᠯ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠳᠣᠲᠣᠭᠠᠳᠤ ᠳᠠᠭᠠᠨ ᠣᠷᠣᠭᠤᠯᠵᠤ ᠭᠠᠳᠠᠭᠠᠳᠤ ᠳᠠᠭᠠᠨ ᠬᠤᠯᠪᠣᠭᠠᠯᠠᠬᠤ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠢ ᠬᠥᠭᠵᠢᠭᠡᠪᠡ᠃    ᠭᠤᠤᠯᠳᠠᠯᠭ᠎ᠠ ᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠠᠵᠢᠯ ᠦᠶ᠋ᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠰᠢᠶᠠᠨ ᠤ ᠱᠠᠲᠤᠨ ᠤ ᠪᠠᠶᠢᠭᠤᠯᠤᠯ ᠢ ᠲᠦᠷᠭᠡᠪᠴᠢᠯᠡᠨ ᠰᠢᠯᠤᠭᠤᠳᠬᠠᠵᠤ᠂ ᠬᠤᠲᠠ ᠶᠢᠨ ᠱᠠᠲᠤᠨ ᠠᠴᠠ ᠳᠣᠷᠣᠭᠰᠢ ᠪᠠᠭᠤᠭᠰᠠᠨ 34 ᠡᠷᠬᠡ ᠮᠡᠳᠡᠯ ᠤᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠬᠦᠯᠢᠶᠡᠨ ᠠᠪᠤᠪᠠ᠃ ᠠᠵᠢᠯ ᠦᠢᠯᠡᠰ ᠤᠨ ᠨᠢᠭᠡᠴᠡ ᠪᠣᠯᠤᠨ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠶᠢ ᠥᠷᠨᠢᠭᠦᠯᠵᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠵᠥᠪᠳᠡᠯᠴᠡᠬᠦ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃ ︽ᠬᠢᠨᠠᠨ ᠬᠠᠷᠭᠤᠭᠤᠯᠬᠤ ᠶᠢ ᠨᠢᠭᠡᠳᠬᠡᠬᠦ︾᠂ ᠪᠦᠬᠦ ᠶᠠᠪᠤᠴᠠ ᠶᠢ ᠡᠯᠤᠺᠲᠷᠤᠨᠴᠢᠯᠠᠬᠤ᠂ ᠠᠵᠤ ᠠᠬᠤᠶᠢᠯᠠᠯ ᠤᠨ ᠨᠡᠷᠡᠶᠢᠳᠦᠯ ᠢ ᠡᠵᠡᠨ ᠮᠡᠳᠡᠨ ᠮᠡᠳᠡᠭᠦᠯᠬᠦ ᠵᠡᠷᠭᠡ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠠᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 856 ᠡᠷᠦᠬᠡ ᠰᠢᠨ᠎ᠡ ᠪᠠᠷ ᠳᠠᠩᠰᠠᠯᠠᠭᠤᠯᠪᠠ᠃ ᠰᠢᠶᠠᠨ  ᠤ ᠬᠡᠪᠴᠢᠶᠡᠨ  ᠤ ᠮᠥᠩᠭᠦᠨ ᠭᠦᠢᠯᠭᠡᠭᠡᠨ  ᠤ ᠢᠨᠵᠧᠨᠧᠷᠢᠩ  ᠤᠨ ᠲᠤᠷᠰᠢᠯᠲᠠ ᠶᠢᠨ ᠴᠢᠭ  ᠢ ᠠᠮᠵᠢᠯᠲᠠᠲᠠᠢ ᠪᠠᠷ ᠵᠥᠪᠰᠢᠶᠡᠷᠡᠪᠡ᠃ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠶ᠋ᠴᠡᠳᠬᠡᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠷᠰᠢᠯᠲᠠ ᠶᠢᠨ ᠨᠢᠭᠡᠴᠡ ᠪᠣᠯᠤᠨ᠎ᠠ᠃    ᠭᠠᠳᠠᠭᠰᠢ ᠨᠡᠭᠡᠭᠡᠯᠲᠡ ᠲᠠᠰᠤᠷᠠᠯᠲᠠ ᠦᠭᠡᠢ ᠥᠷᠭᠡᠵᠢᠪᠡ᠃ ︽ᠭᠠᠷᠴᠤ ᠶᠠᠪᠤᠬᠤ︾ ᠪᠠ ︽ᠣᠷᠣᠵᠤ ᠢᠷᠡᠬᠦ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ 45 ᠲᠥᠷᠥᠯ ᠵᠦᠢᠯ ᠢ ᠨᠥᠭᠡᠴᠡᠯᠡᠵᠦ᠂ ︽ᠬᠤᠶᠠᠷ ᠢ ᠡᠯᠰᠡᠵᠦ ᠬᠤᠶᠠᠷ ᠢ ᠣᠷᠣᠭᠤᠯᠬᠤ︾ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠬᠢᠯᠡᠵᠦ᠂ ᠪᠡᠭᠡᠵᠢᠩ᠂ ᠱᠠᠩᠬᠠᠶ᠂ ᠯᠢᠶᠣᠤᠨᠢᠩ᠂ ᠵᠧᠵᠢᠶᠠᠩ᠂ ᠱᠠᠨᠳᠦ᠋ᠩ᠂ ᠭᠤᠸᠠᠩᠳᠦ᠋ᠩ᠂ ᠬᠠᠷᠠᠮᠥ᠋ᠷᠡᠨ ᠵᠡᠷᠭᠡ ᠭᠠᠵᠠᠷ ᠲᠤ ᠣᠯᠠᠨᠲᠠ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠡᠶ᠃ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ ᠶᠢ ᠨᠠᠷᠢᠯᠢᠭ ᠪᠣᠯᠪᠠᠰᠤᠷᠠᠭᠤᠯᠬᠤ᠂ ᠬᠢᠲᠠᠳ ᠡᠪᠡᠰᠦᠨ ᠡᠮ ᠡᠳ᠋ᠰᠢᠭᠦᠯᠬᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠬᠢᠵᠦ᠂ ᠪᠥᠬᠦ ᠵᠢᠯ ᠳᠤ 23 ᠲᠥᠷᠥᠯ ᠵᠦᠶ᠋ᠯ ᠢ ᠣᠷᠣᠭᠤᠯᠤᠨ ᠠᠪᠴᠢᠷᠠᠵᠤ᠂ 4.6 ᠳ᠋ᠦᠩᠰᠢᠭᠤᠷ ᠲᠥᠭᠦᠷᠢᠭ ᠤᠨ ᠪᠣᠳᠠᠲᠠᠶ ᠪᠣᠳᠠᠲᠠᠶ ᠪᠠᠯᠠ ᠮᠥᠩᠭᠦ ᠣᠷᠣᠭᠤᠯᠪᠠ᠃ ᠥᠪᠥᠷ ᠮᠣᠩᠭᠤᠯ ᠤᠨ ᠤᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠵᠠᠯᠠᠶᠢᠨᠠᠭᠤᠷ ᠬᠤᠳᠠᠯᠳᠤᠭᠠᠴᠢᠳ ᠤᠨ ᠡᠪᠯᠡᠯ ᠢ ᠪᠠᠶᠢᠭᠤᠯᠪᠠ᠃ ᠣᠷᠣᠰ ᠤᠨ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮ ᠲᠤᠷᠠᠯᠴᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠣᠷᠣᠰ ᠤᠨ ᠨᠡᠭᠦᠷᠡᠰᠦᠨ ᠤ ᠠᠵᠤ ᠠᠬᠤᠶᠢᠯᠠᠯ ᠬᠢᠭᠡᠳ ᠨᠡᠭᠦᠷᠡᠰᠦᠨ ᠤ ᠺᠣᠮᠫᠠᠨᠢ ᠶᠢᠨ ᠠᠩᠬ᠎ᠠ ᠠᠯᠬᠤᠮ ᠤᠨ ᠬᠠᠮᠵᠢᠯᠴᠠᠭᠠᠨ ᠤ ᠰᠠᠨᠠᠮᠵᠢ ᠲᠠᠢ ᠪᠣᠯᠬᠤ ᠶᠢ ᠲᠦᠯᠬᠢᠨ ᠠᠬᠢᠭᠤᠯᠤᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠪᠡ᠃ ᠭᠠᠶᠢᠯᠢ ᠬᠥᠩᠭᠡᠯᠡᠵᠦ ᠰᠦᠶ᠋ᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠶ᠋ᠯ ᠤᠨ ᠭᠠᠶᠢᠯᠢ ᠰᠦᠶ᠋ᠳᠬᠡᠯ ᠢ 1.01 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠭᠡᠳ᠂ 12000 ᠭᠠᠷᠤᠶ ᠡᠷᠦᠬᠡ ᠤᠳᠠᠭ᠎ᠠ ᠭᠠᠶᠢᠯᠢ ᠲᠤᠰᠢᠶᠠᠭᠴᠢ ᠶᠢᠨ ᠳᠤᠮᠳᠠ ᠠᠴᠠ ᠠᠰᠢᠭ ᠬᠦᠷᠲᠡᠪᠡ᠃ ᠲᠣᠮᠣ ᠬᠡᠷᠡᠭᠯᠡᠭᠴᠢ ᠰᠢᠭᠤᠳ ᠴᠠᠬᠢᠯᠭᠠᠨ ᠬᠠᠩᠭᠠᠬᠤ ᠠᠵᠢᠯ ᠤᠷᠤᠭᠰᠢᠲᠠᠶ ᠶᠠᠪᠤᠭᠳᠠᠵᠤ᠂ ᠶᠢᠨ ᠢᠦᠶ ᠭᠠᠷᠤᠳᠢ ᠶᠢᠨ ᠬᠡᠯᠪᠡᠷᠢ ᠳᠤ ᠰᠢᠨ᠎ᠡ ᠡᠨᠧᠷᠭᠢ ᠶᠢᠨ ᠠᠷᠠᠯᠵᠢᠶᠠᠨ ᠤ ᠴᠠᠬᠢᠯᠭᠠᠨ ᠤ ᠬᠡᠮᠵᠢᠶᠡᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 100 ᠭᠠᠷᠤᠶ ᠲᠦᠮᠡᠨ ᠲᠥᠭᠦᠷᠢᠭ ᠠᠷᠪᠢᠯᠠᠪᠠ᠃ ᠴᠠᠬᠢᠯᠭᠠᠨ ᠬᠠᠩᠭᠠᠬᠤ ᠭᠤᠭᠴᠤᠭ᠎ᠠ ᠳᠤ ᠦᠨ᠎ᠡ ᠨᠡᠮᠡᠬᠦ ᠠᠰᠠᠭᠤᠳᠠᠯ ᠢ ᠵᠢᠷᠤᠮᠵᠢᠭᠤᠯᠵᠤ᠂ ᠡᠩ ᠤᠨ ᠦᠶ᠋ᠯᠡᠳᠪᠦᠷᠢ ᠬᠤᠳᠠᠯᠳᠤᠭᠠᠨ ᠤ ᠦᠶ᠋ᠯᠡᠰ ᠤᠨ ᠭᠠᠷᠴᠠᠭ ᠤᠨ ᠴᠠᠬᠢᠯᠭᠠᠨ ᠤ ᠦᠨ᠎ᠡ ᠶᠢ 11% ᠪᠠᠷ ᠪᠠᠭᠤᠷᠠᠭᠤᠯᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠦᠲᠦᠮᠵᠢᠲᠡᠶ ᠪᠠᠭᠠᠰᠬᠠᠪᠠ᠃ ︽ᠣᠯᠠᠨ ᠦᠨᠡᠮᠯᠡᠯ ᠢ ᠨᠢᠭᠡᠳᠬᠡᠬᠦ᠂ ᠦᠨᠡᠮᠯᠡᠯ ᠪᠣᠯᠤᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠦᠯᠢᠶᠡᠰᠦ ᠶᠢ ᠨᠢ ᠰᠤᠯᠠᠷᠠᠭᠤᠯᠤᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠰᠢᠨᠡᠳᠬᠡᠵᠦ᠂ ᠨᠢᠭᠡ ᠴᠣᠭᠴᠠᠵᠢᠭᠤᠯᠤᠭᠰᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠲᠠᠪᠴᠠᠩ ᠢ ᠡᠬᠢᠯᠡᠭᠦᠯᠵᠦ᠂ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ︽1+X︾ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠵᠦᠶ᠋ᠯᠡᠰ ᠢ ᠪᠦᠬᠦᠨ ᠢ ᠲᠣᠭᠲᠠᠭᠠᠯ ᠶᠣᠰᠣᠭᠠᠷ ᠰᠢᠶ᠋ᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠪᠠᠭᠠᠰᠬᠠᠵᠤ᠂ ︽ᠢᠨᠲ᠋ᠧᠷ ᠰᠦᠯᠵᠢᠶ᠎ᠡ + ᠵᠠᠰᠠᠭ ᠣᠨ ᠶᠠᠪᠤᠳᠠᠯ ᠤᠨ ᠦᠶ᠋ᠯᠡᠴᠢᠯᠡᠭᠡ︾ ᠶᠢ ᠰᠦᠯᠵᠢᠶᠡᠨ ᠳᠡᠭᠡᠷ᠎ᠡ 87% ᠠᠴᠠ ᠳᠡᠭᠡᠭᠰᠢ ᠳᠤ ᠬᠦᠷᠴᠦ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠨᠡᠩ ᠢᠯᠡ ᠲᠣᠳᠣ ᠪᠤᠯᠵᠤ᠂ ᠠᠵᠤ ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ ᠨᠡᠩ ᠲᠦᠷᠭᠡᠨ ᠪᠣᠯᠪᠠ᠃    ᠡᠯᠧᠮᠧᠨ᠋ᠲ ᠤᠨ ᠪᠠᠲᠤᠯᠠᠭ᠎ᠠ ᠲᠠᠰᠤᠷᠠᠯᠲᠠ ᠦᠭᠡᠢ ᠴᠢᠩᠭᠠᠷᠠᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠷᠪᠠᠨ ᠳᠥᠷᠪᠡ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠠᠴᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠲᠤᠭ᠎ᠠ ᠪᠠᠷᠢᠮᠲᠠ ᠶᠢᠨ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 35 ᠠᠵᠤ ᠠᠬᠤᠶᠢᠯᠠᠯ ᠲᠤᠭ᠎ᠠ ᠪᠦᠷᠢᠳᠬᠡᠯ ᠤᠨ ᠡᠬᠡ ᠳᠠᠩᠰᠠ ᠶᠢ ᠪᠠᠶᠢᠭᠤᠯᠪᠠ᠃ ᠥᠪᠥᠷ ᠮᠣᠩᠭᠤᠯ ᠤᠨ ᠪᠠᠩᠬᠢ ᠠᠮᠵᠢᠯᠲᠠ ᠲᠠᠢ ᠪᠠᠷ ᠣᠷᠣᠵᠤ ᠰᠠᠭᠤᠨ᠂ ᠪᠠᠩᠬᠢ ᠶᠢᠨ ᠲᠥᠷᠥᠯ ᠤᠨ ᠮᠥᠩᠭᠦᠨ ᠭᠦᠶ᠋ᠯᠭᠡᠭᠡᠨ ᠤ ᠪᠠᠶᠢᠭᠤᠯᠤᠮᠵᠢ 8 ᠪᠣᠯᠵᠤ᠂ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡᠨ ᠤ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠪᠣᠳᠠᠲᠤ ᠴᠣᠭᠴᠠ ᠶᠢᠨ ᠠᠵᠤ ᠠᠬᠤᠶ ᠳᠤ ᠦᠶ᠋ᠯᠡᠴᠢᠯᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠪᠦᠲᠦᠴᠡ ᠶᠢ ᠨᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠪᠠ᠃ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠬᠦᠷᠢᠶᠡᠯᠡᠩ ᠲᠣᠭᠤᠷᠢᠭ ᠬᠦᠷᠲᠡᠯ᠎ᠡ ᠤᠷᠲᠤᠳᠬᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠡᠷᠭᠡᠨ ᠳᠤ ᠰᠠᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶ᠋ᠳᠪᠦᠷᠢᠯᠡᠪᠡ᠃ ᠭᠤᠷᠪᠠᠨ ᠲᠠᠯ᠎ᠠ ᠶᠢᠨ ᠬᠡᠷᠡᠭ ᠵᠥᠪᠯᠡᠬᠦ ᠳᠦᠷᠢᠮ ᠢ ᠲᠡᠭᠦᠯᠳᠡᠷᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠪᠠᠨ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠬᠥᠳᠡᠯᠮᠦᠷᠢᠴᠢᠳ ᠢ ᠬᠠᠪᠰᠤᠷᠤᠨ 230 ᠲᠦᠮᠡᠨ ᠲᠥᠭᠦᠷᠢᠭ ᠤᠨ ᠴᠠᠯᠢᠩ ᠨᠡᠬᠡᠨ ᠠᠪᠴᠤ᠂ 413 ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠬᠥᠳᠡᠯᠮᠦᠷᠢ ᠬᠦᠴᠦᠨ ᠬᠡᠷᠡᠭᠯᠡᠬᠦ ᠳᠠᠩᠰᠠᠯᠠᠯ ᠢ ᠪᠡᠶᠡᠯᠡᠭᠦᠯᠪᠡ᠃ ᠪᠥᠬᠦᠳᠡ ᠣᠯᠠᠨ ᠢᠶᠠᠷ ᠢᠶᠠᠨ ᠠᠳᠠᠯ ᠦᠶ᠋ᠯᠡᠰ ᠴᠣᠭᠴᠠᠯᠠᠬᠤ ᠶᠢ ᠲᠦᠷᠭᠡᠳᠬᠡᠨ ᠠᠬᠢᠭᠤᠯᠵᠤ᠂ 230 ᠭᠠᠷᠤᠶ ᠲᠦᠮᠡᠨ ᠲᠥᠭᠦᠷᠢᠭ ᠠᠳᠠᠯ ᠦᠶ᠋ᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠲᠠᠯᠪᠢᠵᠤ᠂ 70 ᠭᠠᠷᠤᠶ ᠠᠵᠢᠯ ᠠᠯᠳᠠᠭᠰᠠᠳ ᠠᠳᠠᠯ ᠦᠶ᠋ᠯᠡᠰ ᠴᠣᠭᠴᠠᠯᠠᠬᠤ ᠶᠢ ᠪᠡᠶᠡᠯᠡᠭᠦᠯᠪᠡ᠃ ︽ᠤᠷᠢᠬᠠᠨ ᠰᠠᠯᠬᠢᠨ ᠤ ᠠᠵᠢᠯᠯᠠᠭ᠎ᠠ︾᠂ ᠴᠡᠷᠢᠭ ᠠᠴᠠ ᠬᠠᠯᠠᠭᠳᠠᠭᠰᠠᠳ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠳᠤ ᠵᠣᠬᠢᠶᠠᠨ ᠪᠠᠶᠢᠭᠤᠯᠤᠨ ᠣᠷᠣᠯᠴᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ 1400 ᠭᠠᠷᠤᠶ ᠠᠵᠢᠯ ᠤᠨ ᠪᠠᠶᠢᠷᠢ ᠬᠠᠩᠭᠠᠪᠠ᠃
 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号