ᠵᠠᠰᠠᠭ ᠤᠨ ᠠᠵᠢᠯ ᠤᠨ ᠢᠯᠡᠳᠭᠡᠯ ︵ᠳᠥᠷᠪᠡ︶ | ᠬᠤᠶᠠᠷ᠂ 2020 ᠣᠨ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯ ᠤᠨ ᠵᠢᠯ ᠪᠣᠯᠤᠨ᠎ᠠ᠃ ᠮᠥᠨ ᠴᠦ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠲᠤᠭᠤᠷᠪᠢᠬᠤ ᠵᠢᠯ ᠪᠣᠯᠬᠤ ᠲᠤᠯᠠ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ | ᠣᠷᠣᠨ ᠤ ᠨᠠᠮ ᠤᠨ ᠬᠤᠷᠢᠶᠠᠨ ᠤ ᠠᠩᠬᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ | ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ | ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ | ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠵᠢᠴᠢ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠨᠠᠮ ᠤᠨ | ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠠᠶ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ︽ᠨᠢᠭᠡ ᠶᠢ | ᠤᠷᠢᠳ ᠢᠶᠠᠷ ᠪᠣᠳᠣᠯᠬᠢᠯᠠᠬᠤ᠂ ᠬᠤᠶᠠᠷ ᠭᠤᠤᠯ ᠱᠤᠭᠤᠮ᠂ ᠭᠤᠷᠪᠠᠨ ᠣᠷᠣᠨ ᠢ ᠵᠡᠷᠭᠡᠪᠡᠷ ᠬᠥᠭᠵᠢᠭᠦᠯᠬᠦ᠂ ᠳᠥᠷᠪᠡᠨ | ᠣᠷᠣᠨ ᠤ ᠪᠠᠶᠢᠯᠳᠤᠬᠤ ᠪᠣᠳᠣᠯᠭ᠎ᠠ᠂ ᠲᠠᠪᠤᠨ ᠶᠡᠭᠡ ᠬᠠᠷᠠᠯᠲᠠ︾ ᠪᠠᠷ ᠶᠡᠷᠦᠩᠬᠡᠶ ᠰᠡᠳᠬᠢᠮᠵᠢ ᠪᠣᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ︾ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡ ᠶᠢ ᠲᠥᠯᠥᠪᠯᠡᠨ ᠠᠬᠢᠭᠤᠯᠵᠤ᠂ | ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ | ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ᠃ | ᠬᠥᠭᠵᠢᠯᠲᠡ ᠶᠢᠨ ᠬᠠᠨᠳᠤᠰᠢ ᠪᠣᠯᠤᠨ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠪᠠᠯ᠂ ᠡᠨᠡ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 3.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ | 5% ᠣᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢᠨ 4.5% ᠶᠢᠨ ᠳᠣᠲᠣᠷ᠎ᠠ ᠬᠢᠵᠠᠭᠠᠷᠯᠠᠨ᠎ᠠ᠃ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ | ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠬᠢᠵᠠᠭᠠᠷᠯᠠᠯ ᠤᠨ ᠴᠢᠨᠠᠷᠲᠠᠶ ᠭᠦᠶ᠋ᠴᠡᠳᠬᠡᠬᠦ ᠲᠤᠭ᠎ᠠ ᠬᠥᠯᠥᠨ ᠪᠦᠷ | ᠬᠤᠲᠠ ᠶᠢᠨ ᠱᠠᠭᠠᠷᠳᠠᠯᠭ᠎ᠠ ᠳᠤ ᠬᠦᠷᠪᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠬᠤᠷᠸ᠎ᠠ ᠣᠷᠴᠢᠨ ᠨᠥᠬᠦᠴᠡᠯ ᠪᠠ | ᠪᠤᠰᠤᠳᠴᠢ ᠨᠥᠬᠦᠴᠡᠯ ᠤᠨ ᠬᠤᠪᠢᠷᠠᠯᠲᠠ ᠳᠤ ᠬᠤᠪᠢᠰᠤᠩᠭᠤᠶ ᠪᠠᠷ ᠬᠠᠨᠳᠤᠵᠤ᠂ ᠠᠰᠢᠭ ᠲᠤᠰᠠ ᠪᠠ ᠠᠵᠠ | ᠲᠣᠬᠢᠶᠠᠯ ᠢ ᠣᠨᠣᠪᠴᠢᠲᠠᠶ ᠤᠯᠬᠤ ᠬᠡᠷᠡᠭᠲᠡᠶ᠃ ᠬᠡᠳᠦ᠋ᠢᠪᠡᠷ ᠤᠯᠤᠰ ᠠᠴᠠ ᠳᠣᠲᠣᠭᠠᠳᠤ ᠶᠢᠨ ᠠᠵᠤ ᠠᠬᠤᠢ ᠶᠢᠨ | ᠪᠠᠭᠤᠷᠠᠬᠤ ᠳᠠᠷᠤᠯᠲᠠ ᠲᠠᠰᠤᠷᠠᠯᠲᠠ ᠦᠭᠡᠢ ᠶᠡᠬᠡᠳᠴᠦ᠂ ᠮᠠᠨ ᠤ ᠤᠯᠤᠰ ᠤᠨ ᠬᠥᠭᠵᠢᠯᠲᠡ ᠳᠤ ᠪᠠᠰᠠ ᠴᠥᠭᠡᠨ | ᠪᠤᠰᠤ ᠳᠠᠷᠤᠯᠲᠠ ᠪᠠ ᠰᠢᠯᠭᠠᠯᠲᠠ ᠲᠤᠯᠭᠠᠷᠠᠵᠤ ᠪᠠᠶᠢᠨ᠎ᠠ᠂ ᠭᠡᠪᠡᠴᠦ ᠮᠠᠨ ᠤ ᠤᠯᠤᠰ ᠤᠨ ᠠᠵᠤ ᠠᠬᠤᠶ ᠲᠣᠭᠲᠠᠭᠤᠨ | ᠪᠠᠶᠢᠬᠤ ᠶᠢᠨ ᠵᠡᠷᠭᠡ ᠳᠤ ᠰᠠᠶᠢᠵᠢᠷᠠᠵᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ | ᠬᠤᠪᠢᠷᠠᠭᠠᠳᠤᠶ ᠪᠠᠶᠢᠭᠰᠠᠭᠠᠷ᠃ ᠢᠯᠠᠩᠭᠤᠶ᠎ᠠ ᠤᠯᠤᠰ ᠠᠴᠠ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠨᠢᠭᠡᠨ ᠡᠭᠡᠯᠵᠢ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠠᠬᠢᠭᠤᠯᠤᠨ᠎ᠠ︔ | ᠥᠪᠡᠷᠲᠡᠭᠡᠨ ᠵᠠᠰᠠᠬᠤ ᠣᠷᠣᠨ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ︾᠂ ᠵᠡᠭᠦᠨ | ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠳᠡᠮᠵᠢᠬᠦ᠂ ᠤᠮᠠᠷᠠᠰᠢ ᠨᠡᠭᠡᠭᠡᠯᠲᠡ ᠬᠢᠬᠦ ᠶᠢ ᠥᠷᠭᠡᠳᠬᠡᠬᠦ ᠵᠡᠷᠭᠡ | ᠲᠠᠯ᠎ᠠ ᠪᠠᠷ ᠠᠯᠢ ᠣᠯᠠᠨ ᠬᠠᠨᠳᠤᠯᠭᠠᠲᠤ ᠴᠢᠨᠠᠷ ᠢᠶᠠᠷ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠪᠡ︔ ᠮᠠᠨᠵᠤᠤᠷ | ᠬᠤᠲᠠ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠴᠢᠭᠯᠡᠭᠦᠯᠦᠨ᠂ ᠮᠠᠨ ᠤ ᠬᠥᠭᠵᠢᠯᠲᠡ ᠶᠢᠨ ᠪᠣᠳᠠᠲᠤ | ᠪᠠᠶᠢᠳᠠᠯ ᠳᠤ ᠳᠡᠭᠡᠳᠦ ᠬᠡᠮᠵᠢᠶ᠎ᠡ ᠪᠠᠷ ᠨᠡᠶᠢᠴᠡᠬᠦ ᠲᠦᠷᠦ ᠶᠢᠨ ᠪᠤᠳᠤᠯᠭ᠎ᠠ ᠨᠤᠭᠤᠳ ᠢ ᠨᠡᠶᠢᠲᠡᠯᠡᠭᠰᠡᠨ ᠵᠡᠷᠭᠡ ᠪᠣᠯᠤᠨ᠎ᠠ᠃ | ᠡᠳᠡᠭᠡᠷ ᠲᠦᠷᠦ ᠶᠢᠨ ᠪᠤᠳᠦᠯᠭ᠎ᠠ ᠨᠢ ᠪᠢᠳᠡᠠ ᠳᠤ ᠴᠥᠮ ᠠᠰᠢᠭᠲᠠᠢ ᠲᠤᠯᠠ ᠴᠥᠮ ᠨᠠᠷᠢᠨ ᠬᠢᠨᠠᠮᠠᠭᠠᠢ ᠰᠤᠳᠤᠯᠬᠤ | ᠬᠡᠷᠡᠭᠲᠡᠢ᠂ ᠠᠵᠠ ᠲᠣᠬᠢᠶᠠᠯ ᠢ ᠪᠠᠭ᠋ᠠᠨ ᠰᠤᠯᠠ ᠲᠠᠯᠪᠢᠪᠠᠯ ᠳᠠᠷᠤᠢ ᠠᠯᠳᠠᠬᠤ ᠪᠣᠯᠤᠨ᠎ᠠ᠃ ᠪᠢᠳᠡ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠤᠯᠤᠰ ᠠᠴᠠ ᠲᠥᠷᠥ ᠶᠢᠨ ᠪᠣᠳᠣᠯᠭ᠎ᠠ ᠶᠢ ᠭᠦᠢᠴᠡᠳ | ᠬᠡᠷᠡᠭᠯᠡᠵᠦ᠂ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦ ᠪᠠᠨ | ᠲᠥᠪᠯᠡᠷᠡᠭᠦᠯᠦᠨ ᠪᠡᠷᠬᠡ ᠰᠡᠳᠦᠪ ᠢ ᠰᠢᠶ᠋ᠳᠪᠦᠷᠢᠯᠡᠵᠦ᠂ ᠥᠪᠡᠷ ᠤᠨ ᠶᠠᠪᠤᠳᠠᠯ ᠢᠶᠠᠨ ᠯᠠᠪᠳᠠᠭᠤᠨ ᠪᠠᠲᠤᠲᠠᠢ ᠰᠠᠶᠢᠲᠤᠷ | ᠬᠢᠪᠡᠯ᠂ ᠵᠠᠯᠠᠶᠢᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠯᠠᠪᠲᠠᠢ ᠪᠤᠢ ᠪᠣᠯᠭᠠᠵᠤ ᠴᠢᠳᠠᠨ᠎ᠠ᠃ | ᠡᠨᠡ ᠵᠢᠯ ᠳᠣᠤᠷᠠᠬᠢ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠄ | ︵ᠨᠢᠭᠡ︶ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠵᠠ ᠩᠭᠢᠯᠠᠭᠠ ᠶᠢ ᠴᠢᠩᠭ᠎ᠠ ᠠᠳᠬᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ | ᠥᠷᠭᠡᠳᠬᠡᠬᠦ ᠶᠢ ᠨᠡᠮᠡᠭᠳᠡᠯ ᠢ ᠲᠣᠭᠲᠠᠪᠤᠷᠢᠵᠢᠭᠤᠯᠬᠤ ᠪᠦᠲᠦᠴᠡ ᠶᠢ ᠲᠣᠬᠢᠷᠠᠭᠤᠯᠬᠤ ᠭᠤᠤᠯ ᠠᠳᠬᠤᠭᠴᠢ ᠪᠣᠯᠭᠠᠬᠤ ᠶᠢ | ᠪᠠᠷᠢᠮᠲᠠᠯᠠᠵᠠᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠣᠳᠣ ᠪᠠᠶ᠋ᠭ᠎ᠠ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠳᠡᠰ ᠳᠡᠪᠰᠢᠭᠦᠯᠦᠨ ᠥᠭᠡᠷᠡᠴᠢᠯᠡᠵᠦ᠂ ᠰᠢᠨ᠎ᠡ ᠬᠠᠭᠤᠴᠢᠨ | ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠵᠤ ᠠᠵᠤ ᠠᠬᠤᠶ ᠶᠢᠨ ᠬᠥᠭᠵᠢᠯᠲᠡ ᠶᠢᠨ ᠬᠦᠴᠦᠯᠡᠬᠦ ᠴᠡᠭ ᠢ | ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠵᠡᠶ᠃ ᠠᠵᠤ ᠠᠬᠤᠶ ᠶᠢᠨ ᠲᠣᠭᠲᠠᠭᠤᠨ | ᠪᠠᠶᠢᠬᠤ ᠪᠠᠷ ᠬᠤᠪᠢᠷᠠᠯᠲᠠ ᠶᠢ ᠠᠷᠭᠠᠴᠠᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ | ᠠᠬᠢᠭᠤᠯᠤᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠲᠥᠷᠥᠯ ᠵᠦᠢᠯ ᠢ ᠰᠠᠶᠢᠲᠤᠷ | ᠠᠳᠬᠤᠬᠤ ᠪᠣᠯ ᠬᠥᠭᠵᠢᠯᠲᠡ ᠶᠢ ᠠᠳᠬᠤᠵᠤ ᠪᠣᠬᠢᠷᠲᠤᠯ ᠦᠭᠡᠢ ᠬᠥᠭᠵᠢᠯᠲᠡ ᠶᠢ ᠠᠳᠬᠤᠵᠤ ᠪᠠᠶ᠋ᠭ᠎ᠠ ᠶᠠᠪᠤᠳᠠᠯ | ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠨᠠᠩ ᠶᠡᠭᠡ ᠡᠷᠡᠰ ᠵᠣᠷᠢᠭ ᠪᠠ ᠡᠷᠴᠢᠮ ᠢᠶᠠᠷ ᠲᠥᠷᠥᠯ ᠵᠦᠶ᠋ᠯ ᠢ | ᠠᠳᠬᠤᠵᠤ᠂ ᠪᠠᠯᠠ ᠣᠷᠣᠭᠤᠯᠤᠯᠲᠠ ᠶᠢ ᠥᠷᠭᠡᠳᠬᠡᠵᠦ᠂ ᠴᠢᠨᠠᠷ ᠰᠠᠶᠢᠲᠠᠶ ᠲᠥᠷᠥᠯ ᠵᠦᠶ᠋ᠯ ᠢᠶᠠᠷ ᠴᠢᠨᠠᠷ ᠰᠠᠶᠢᠲᠠᠶ | ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ 41 ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ | ᠨᠡᠮᠡᠭᠳᠡᠭᠦᠯᠬᠦ ᠶᠢ ᠪᠠᠲᠤᠯᠠᠨ᠎ᠠ᠃ ᠭᠠᠳᠠᠭᠠᠳᠤ ᠠᠴᠠ ᠣᠷᠣᠭᠤᠯᠬᠤ ᠠᠮᠤ ᠲᠣᠰᠣ ᠪᠣᠯᠪᠠᠰᠤᠷᠠᠭᠤᠯᠬᠤ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠥᠭᠡᠷᠡᠴᠢᠯᠡᠯᠲᠡ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠬᠠᠩᠭᠠᠯᠭ᠎ᠠ᠂ ᠲᠣᠭᠠᠴᠢᠯᠠᠭᠰᠠᠨ ᠬᠤᠲᠠ ᠶᠢᠨ | ᠬᠠᠮᠢᠶᠠᠷᠤᠯᠲᠠ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ᠂ ᠬᠡᠤᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠬᠤᠲᠠ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ᠂ ᠦᠨᠡᠰᠦ ᠬᠠᠳᠠᠭᠠᠯᠠᠬᠤ ᠲᠠᠯᠠᠪᠠᠢ᠂ ᠤᠰᠤ ᠶᠢ | ᠵᠠᠰᠠᠬᠤ ᠵᠡᠷᠭᠡ ᠠᠮᠢ ᠠᠬᠤᠶ ᠣᠷᠴᠢᠨ ᠲᠣᠭᠤᠷᠢᠨ ᠢ ᠵᠠᠰᠠᠬᠤ ᠲᠥᠷᠥᠯ ᠵᠦᠶ᠋ᠯ᠃ ᠤᠯᠤᠰ ᠠᠴᠠ ᠪᠡᠯᠡ | ᠣᠷᠣᠭᠤᠯᠤᠯᠲᠠ᠂ ᠮᠥᠩᠭᠦᠨ ᠭᠦᠢᠯᠭᠡᠭᠡᠨ ᠤ ᠳᠡᠮᠵᠢᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠴᠢᠭᠯᠡᠯ ᠢ | ᠭᠦᠨᠵᠡᠭᠡᠶ ᠰᠤᠳᠤᠯᠵᠤ᠂ ᠲᠥᠷᠥ ᠶᠢᠨ ᠪᠣᠳᠣᠯᠭ᠎ᠠ ᠶᠢᠨ ᠴᠣᠩᠬᠤ ᠶᠢᠨ ᠬᠤᠭᠤᠴᠠᠭᠠᠨ ᠤ ᠲᠣᠬᠢᠶᠠᠯ ᠢ ᠠᠮᠵᠢᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠡᠶ᠃ ᠣᠳᠣ ᠦᠶ᠎ᠡ ᠶᠢᠨ ᠡᠨᠧᠷᠭᠢ᠂ | ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ᠂ ᠨᠡᠶᠢᠭᠡᠮ ᠤᠨ | ᠠᠷᠠᠳ ᠤᠨ ᠠᠮᠢᠳᠤᠷᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮ ᠶᠢ ᠵᠡᠷᠭᠡ | ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠵᠤ᠂ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ︽ | ᠨᠢᠭᠡ ᠲᠥᠷᠥᠯ ᠵᠦᠶ᠋ᠯ᠂ ᠨᠢᠭᠡ ᠨᠢ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠨᠢᠭᠡ ᠬᠠᠷᠢᠭᠤᠴᠠᠯᠭᠠᠲᠤ | ᠨᠢᠭᠡᠴᠡ᠂ ᠨᠢᠭᠡ ᠠᠵᠢᠯᠯᠠᠬᠤ ᠪᠠᠭ᠂ ᠨᠢᠭᠡ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ᠂ ᠡᠴᠦᠰ ᠲᠤᠨᠢ ᠲᠤᠯᠲᠠᠯ | ᠠ ᠠᠳᠬᠤᠬᠤ︾ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠤᠯᠤᠰ ᠠᠴᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ | ᠲᠡᠮᠳᠡᠭᠲᠦ ᠶᠢᠨ ᠬᠡᠪᠴᠢᠶ᠎ᠡ ᠪᠠᠨ ᠥᠷᠭᠡᠳᠬᠡᠬᠦ ᠬᠦᠴᠦᠲᠡᠶ ᠲᠣᠬᠢᠶᠠᠯ ᠢ ᠵᠠᠪᠳᠤᠨ᠂ ᠴᠢᠷᠮᠠᠶᠢᠨ ᠣᠯᠬᠤ ᠡᠷᠴᠢᠮ ᠢᠶᠠᠨ | ᠨᠡᠮᠡᠭᠳᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠶ᠋ᠯ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠲᠡᠶ ᠪᠠᠷ ᠴᠤᠭᠯᠠᠭᠤᠯᠤᠨ᠎ᠠ᠃ ᠭᠠᠵᠠᠷ ᠰᠢᠷᠣᠶ᠂ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠴᠢᠳᠠᠪᠤᠷᠢ ᠶᠢᠨ ᠦᠨᠡᠯᠡᠯᠲᠡ ᠵᠡᠷᠭᠡ ᠡᠮᠦᠨᠡᠬᠢ ᠬᠤᠭᠤᠴᠠᠭᠠᠨ ᠤ | ᠴᠢᠬᠤᠯᠠ ᠨᠥᠬᠦᠴᠡᠯ ᠢ ᠭᠦᠢᠴᠡᠳᠬᠡᠬᠦ ᠶᠢ ᠲᠦᠷᠭᠡᠳᠬᠡᠵᠦ᠂ ︽ᠪᠥᠬᠦ ᠴᠤᠪᠤᠷᠠᠯ︾ ︽ᠬᠡᠯᠬᠢᠶ᠎ᠡ ᠦᠶ᠋ᠯᠡᠴᠢᠯᠡᠭᠡ | ᠬᠠᠩᠭᠠᠵᠤ᠂ ᠲᠥᠷᠥᠯ ᠵᠦᠶ᠋ᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠤᠷᠢᠲᠠᠯ ᠨᠥᠬᠦᠴᠡᠯ | ᠪᠦᠷᠢᠯᠳᠦᠭᠦᠯᠵᠦ ᠥᠭᠭᠦᠨ᠎ᠡ᠃ | ᠤᠯᠠᠮᠵᠢᠯᠠᠯᠲᠤ ᠠᠵᠤ ᠦᠶ᠋ᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠴᠢᠨᠠᠷ ᠰᠠᠶᠢᠲᠠᠶ ᠡᠬᠢ | ᠪᠠᠶᠠᠯᠢᠭ ᠤᠨ ᠰᠠᠭᠤᠷᠢᠨ ᠳᠡᠭᠡᠷ᠎ᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠠᠷᠢᠮᠲᠠᠯᠠᠵᠤ᠂ ᠡᠨᠧᠷᠭᠢ ᠶᠢᠨ | ᠰᠤᠷᠪᠤᠯᠵᠢ ᠶᠢᠨ ᠠᠵᠤ ᠦᠶ᠋ᠯᠡᠰ ᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠵᠤ᠂ ᠡᠨᠧᠷᠭᠢ ᠶᠢᠨ | ᠰᠤᠷᠪᠤᠯᠵᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ | ᠠᠵᠢᠯᠯᠠᠭᠠᠨ ᠤ ᠡᠳᠦᠷ ᠲᠤᠲᠤᠮ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠡᠯᠧᠮᠧᠨ᠋ᠲ ᠢ ᠵᠣᠬᠢᠴᠠᠭᠤᠯᠤᠨ | ᠲᠣᠬᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠲᠣᠭᠲᠠᠭᠤᠨ | ᠠᠵᠢᠯᠯᠠᠭᠠᠨ ᠢ ᠪᠠᠲᠤᠯᠠᠨ᠎ᠠ᠃ ᠨᠡᠭᠦᠷᠡᠰᠦ ᠴᠢᠨᠠᠬᠤ ᠺᠣᠮᠫᠠᠨᠢ ᠶᠢᠨ ︽ᠭᠤᠷᠪᠠᠨ ᠬᠠᠩᠭᠠᠯᠭ᠎ᠠ ᠨᠢᠭᠡ ᠦᠶ᠋ᠯᠡᠰ︾ ᠢ | ᠰᠠᠯᠭᠠᠨ ᠲᠤᠰᠢᠶᠠᠵᠤ ᠴᠠᠬᠢᠯᠭᠠᠨ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ 500 | ᠺᠢᠯᠣᠸᠠᠲ ᠤᠨ ᠬᠦᠴᠦᠳᠡᠯ ᠬᠤᠪᠢᠰᠬᠠᠬᠤ ᠴᠠᠬᠢᠯᠭᠠᠨ᠂ 500 ᠺᠢᠯᠣᠸᠠᠲ ᠤᠨ ᠬᠦᠴᠦᠳᠡᠯ ᠥᠭᠡᠷᠡᠴᠢᠯᠡᠬᠦ | ᠥᠷᠲᠡᠭᠡ ᠶᠢᠨ 220 ᠺᠢᠯᠣᠸᠠᠲ ᠢ ᠬᠦᠷᠭᠡᠬᠦ᠂ ᠯᠢᠩ ᠴᠢᠤᠸᠠᠨ ᠤ 220 ᠺᠢᠯᠣᠸᠠᠲ ᠤᠨ ᠬᠦᠴᠦᠳᠡᠯ ᠥᠭᠡᠷᠡᠴᠢᠯᠡᠬᠦ | ᠥᠷᠲᠡᠭᠡ ᠶᠢᠨ 110 ᠺᠢᠯᠣᠸᠠᠲ ᠢ ᠬᠦᠷᠭᠡᠬᠦ᠂ ᠳᠠᠯᠠᠢ ᠨᠠᠭᠤᠷ ᠤᠨ ᠢᠯᠴᠢ ᠴᠠᠬᠢᠯᠭᠠᠨ ᠤ ᠦᠨᠡᠰᠦ ᠬᠠᠳᠠᠭᠠᠯᠠᠬᠤ | ᠲᠠᠯᠠᠪᠠᠢ ᠵᠡᠷᠭᠡ ᠲᠥᠷᠥᠯ ᠵᠦᠶ᠋ᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠳᠠᠯᠠᠢ ᠨᠠᠭᠤᠷ ᠤᠨ ᠢᠯᠴᠢ | ᠴᠠᠬᠢᠯᠭᠠᠨ ᠤ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ᠂ ᠲᠡᠮᠦᠷ ᠤᠨ ᠤᠮᠠᠷᠠᠲᠤ ᠶᠢᠨ ᠠᠭᠤᠷᠬᠠᠢ ᠶᠢᠨ | ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠵᠡᠷᠭᠡ ᠢᠨᠵᠧᠨᠧᠷᠢᠩ ᠢ ᠲᠥᠯᠥᠪᠯᠡᠨ ᠠᠬᠢᠭᠤᠯᠤᠨ᠎ᠠ᠃ ᠣᠷᠣᠨ | ᠨᠤᠲᠤᠭ ᠤᠨ ᠠᠵᠤ ᠠᠬᠤᠶᠢᠯᠠᠯ ᠣᠯᠠᠨ ᠤᠯᠤᠰ ᠤᠨ ᠨᠡᠭᠦᠷᠡᠰᠦ ᠠᠷᠠᠯᠵᠢᠶᠠᠯᠠᠬᠤ᠂ ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠬᠤ᠂ 2 × 33 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠤᠯᠪᠣᠭᠠᠯᠠᠨ ᠦᠶ᠋ᠯᠡᠳᠪᠦᠷᠢᠯᠡᠬᠦ | ᠵᠢᠴᠢ ᠢᠯᠴᠢ ᠬᠠᠩᠭᠠᠬᠤ ᠤᠷᠲᠤ ᠬᠤᠭᠤᠴᠠᠭ᠎ᠠ ᠪᠠᠷ ᠳᠠᠮᠵᠢᠭᠤᠯᠬᠤ ᠢᠨᠵᠧᠨᠧᠷᠢᠩ ᠵᠡᠷᠭᠡ ᠴᠢᠬᠤᠯᠠ ᠶᠡᠭᠡ ᠠᠵᠤ | ᠦᠶ᠋ᠯᠡᠰ ᠤᠨ ᠲᠥᠷᠥᠯ ᠵᠦᠶ᠋ᠯ ᠢ ᠠᠬᠢᠭᠤᠯᠵᠠᠶ᠃ ᠡᠨᠧᠷᠭᠢ ᠶᠢᠨ ᠰᠤᠷᠪᠤᠯᠵᠢ ᠶᠢ ᠬᠤᠪᠢᠷᠠᠭᠤᠯᠬᠤ᠂ ᠣᠷᠴᠢᠯᠳᠤᠭᠤᠯᠤᠨ | ᠠᠰᠢᠭᠯᠠᠬᠤ ᠪᠠ ᠠᠵᠤ ᠦᠶ᠋ᠯᠡᠰ ᠤᠨ ᠲᠡᠰ ᠳᠡᠪᠰᠢᠬᠦ ᠶᠢ ᠠᠬᠢᠭᠤᠯᠤᠨ᠎ᠠ᠃ | ᠤᠳᠤ ᠦᠶ᠎ᠡ ᠶᠢᠨ ᠦᠶ᠋ᠯᠡᠴᠢᠯᠡᠭᠡᠨ ᠤ ᠦᠶ᠋ᠯᠡᠰ ᠢ ᠲᠦᠷᠭᠡᠪᠴᠢᠯᠡᠨ ᠬᠥᠭᠵᠢᠭᠦᠯᠦᠨ᠎ᠡ᠃ ︽ᠰᠣᠶᠣᠯ ᠵᠢᠭᠤᠯᠴᠢᠯᠠᠯ | ᠬᠤᠳᠠᠯᠳᠤᠭᠠᠴᠢᠨ︾ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠦᠬᠦ ᠵᠢᠯ ᠳᠤ 400 ᠲᠦᠮᠡᠨ | ᠬᠥᠮᠦᠨ ᠤᠳᠠᠭ᠎ᠠ ᠠᠴᠠ ᠳᠡᠭᠡᠭᠰᠢ ᠵᠤᠭᠠᠴᠠᠭᠰᠠᠳ ᠢ ᠬᠦᠯᠢᠶᠡᠨ ᠠᠪᠬᠤ ᠪᠠᠷ ᠴᠢᠷᠮᠠᠶᠢᠨ᠎ᠠ᠃ ︽ᠠᠮᠢᠳᠤᠷᠠᠯ ᠳᠤ | ᠭᠦᠨᠵᠡᠭᠡᠶᠢᠷᠡᠬᠦ · ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾᠂ ︽ᠠᠷᠠᠳ ᠲᠦᠮᠡᠨ ᠤ ᠲᠤ ᠮᠳᠠ ᠭᠦᠨᠵᠡᠭᠡᠶᠢᠷᠡᠬᠦ︾ | ᠵᠡᠷᠭᠡ ᠭᠤᠣᠯ ᠰᠡᠳᠦᠪᠲᠦ ᠰᠤᠷᠲᠠᠯ ᠴᠤᠭᠯᠠᠭᠤᠯᠬᠤ ᠵᠣᠬᠢᠶᠠᠨ ᠪᠦᠲᠦᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠪᠠᠶᠠᠷ ᠪᠠᠶᠠᠰᠤᠯ ᠢ ᠦᠨᠳᠦᠰᠦᠨ ᠱᠠᠲᠤᠨ ᠳᠤ ᠬᠦᠷᠭᠡᠬᠦ︾ ᠤᠳᠬ᠎ᠠ ᠤᠷᠠᠯᠢᠭ ᠢ ᠦᠶ᠋ᠯᠡᠳᠪᠦᠷᠢ | ᠠᠭᠤᠷᠬᠠᠶ ᠳᠤ ᠣᠷᠣᠭᠤᠯᠬᠤ ᠵᠡᠷᠭᠡ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠳᠬ᠎ᠠ ᠤᠷᠠᠯᠢᠭ ᠤᠨ ᠭᠤᠣᠯ ᠬᠦᠭ ᠠᠶᠠᠰ ᠢ ᠢᠯᠡᠷᠡᠭᠦᠯᠦᠨ᠎ᠡ᠃ | 3D ᠺᠢᠨᠣ᠋ ︽ᠭᠡᠨᠡᠳᠲᠡ ᠪᠤᠴᠠᠵᠤ ᠢᠷᠡᠭᠰᠡᠨ ᠨᠢ︾᠃ ᠵᠠᠯᠠᠶᠢᠨᠠᠭᠤᠷ ᠶᠠᠷᠢᠶᠠᠨ ᠤ ᠲᠠᠪᠴᠠᠩ᠂ ᠲᠠᠯ᠎ᠠ ᠨᠤᠲᠤᠭ ᠤᠨ | ᠰᠣᠶᠣᠯ ᠵᠤᠭᠠᠴᠠᠯ ᠤᠨ ᠨᠠᠶᠢᠷ᠂ ᠣᠯᠠᠨ ᠤᠯᠤᠰ ᠠᠴᠠ ᠴᠢᠭᠯᠡᠯᠲᠦ ᠬᠥᠳᠡᠯᠭᠡᠭᠡᠨ ᠤ ᠤᠷᠢᠯᠭ᠎ᠠ ᠶᠢᠨ ᠤᠷᠤᠯᠳᠤᠭᠠᠨ᠂ | ᠭᠤᠤᠯ ᠰᠡᠳᠦᠪᠲᠦ ᠭᠡᠷᠡᠯ ᠵᠢᠷᠤᠭ ᠤᠨ ᠦᠵᠡᠰᠬᠦᠯᠡᠩ ᠵᠡᠷᠭᠡ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ | ᠰᠠᠶᠢᠲᠤᠷ ᠡᠷᠭᠢᠯᠡᠨ᠎ᠡ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠴᠠᠭᠠᠨ ᠬᠠᠭᠠᠨᠲᠤ | ᠣᠷᠣᠰ ᠤᠨ ᠶᠠᠫᠣᠨ ᠡᠵᠡ ᠮᠰᠢᠯ ᠤᠨ ᠦᠶ᠎ᠡ ᠶᠢᠨ ᠲᠡᠤᠬᠡ ᠰᠣᠶᠣᠯ ᠤᠨ ᠦᠵᠡᠭᠦᠯᠦᠯᠭᠡ ᠶᠢᠨ ᠣᠷᠳᠣᠨ ᠢ | ᠠᠬᠢᠭᠤᠯᠤᠨ᠎ᠠ᠃ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠳᠠᠭᠠᠶ ᠠᠭᠤᠷᠬᠠᠢ | ᠶᠢᠨ ᠨᠡᠭᠡᠭᠡᠯᠲᠡ ᠶᠢᠨ ᠲᠣᠭᠤᠷᠢᠨ ᠳᠤ᠂ ᠤᠯᠤᠰ ᠠᠴᠠ ᠠᠭᠤᠷᠬᠠᠢ ᠶᠢᠨ ᠮᠦᠽᠧᠢ ᠶᠢ ᠳᠡᠰ ᠳᠡᠪᠰᠢᠭᠦᠯᠦᠨ | ᠥᠭᠡᠷᠡᠴᠢᠯᠡᠵᠦ᠂ ᠠᠭᠤᠷ ᠤᠨ ᠮᠠᠰᠢᠨ ᠲᠡᠷᠭᠡᠨ ᠤ ᠬᠦᠷᠢᠶᠡᠯᠡᠩ ᠤᠨ ᠲᠥᠷᠥᠯ ᠵᠦᠢᠯ ᠢ ᠠᠬᠢᠭᠤᠯᠵᠤ᠂ ᠵᠠᠳᠠᠭᠠᠢ | ᠠᠭᠤᠷᠬᠠᠢ ᠶᠢᠨ ᠶᠡᠷᠦᠩᠬᠡᠶᠢᠯᠡᠭᠰᠡᠨ ᠣᠨᠴᠠᠯᠢᠭᠲᠤ ᠦᠵᠡᠮᠵᠢ ᠶᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠤᠨ᠎ᠠ᠃ | ᠮᠥᠬᠦᠴᠢ ᠠᠭᠤᠯᠠ ᠶᠢᠨ ᠠᠷᠤ ᠶᠢᠨ ᠪᠠᠭᠤᠷᠢ ᠶᠢᠨ ᠠᠮᠤᠷ ᠢ ᠬᠠᠮᠠᠭᠠᠯᠠᠬᠤ ᠢᠨᠵᠧᠨᠧᠷᠢᠩ ᠢ ᠠᠵᠢᠯ ᠡᠬᠢᠯᠡᠭᠦᠯᠦᠨ | ᠪᠦᠳᠦᠭᠡᠨ ᠪᠠᠶᠢᠭᠤᠯᠵᠤ᠂ ᠰᠢᠶᠡᠨᠪᠢ ᠶᠢᠨ ᠣᠩᠭᠤᠨ ᠤ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠲᠠᠯ᠎ᠠ ᠨᠤᠲᠤᠭ ᠤᠨ ᠣᠳᠣᠳ᠂ ᠣᠨᠴᠠᠯᠢᠭᠲᠤ | ᠭᠡᠷᠡᠯ ᠵᠢᠷᠤᠭ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠶ᠋ᠯ ᠢ ᠲᠥᠯᠥᠪᠯᠡᠨ᠎ᠡ᠃ ᠳᠣᠭᠰᠢᠨ ᠳᠠᠯᠠᠢ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠵᠦ᠂ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠲᠥᠰᠦᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠤᠯᠤᠰ ᠤᠨ ᠠᠩᠬᠠᠳᠠᠭᠴᠢ ᠭᠤᠣᠯ ᠰᠡᠳᠦᠪᠲᠦ ᠪᠡᠶᠡᠴᠢᠯᠡᠨ | ᠣᠶᠢᠯᠠᠭᠠᠬᠤ ᠵᠤᠭᠠᠴᠠᠯ ᠤᠨ ᠬᠦᠷᠢᠶᠡᠯᠡᠩ ᠢ ᠪᠠᠶᠢᠭᠤᠯᠤᠨ᠎ᠠ᠃ ᠰᠢᠶᠤᠤ ᠾᠧ ᠺᠸᠦ ᠦᠵᠡᠮᠵᠢ ᠶᠢᠨ ᠣᠷᠣᠨ ᠤ | ᠵᠢᠭᠤᠯᠴᠢᠯᠠᠯ ᠤᠨ ᠦᠶ᠋ᠯᠡᠴᠢᠯᠡᠭᠡᠨ ᠤ ᠴᠢᠳᠠᠮᠵᠢ ᠶᠢ ᠭᠥᠯᠢᠶᠡᠨ ᠠᠪᠴᠤ᠂ ᠯᠢᠩ ᠴᠢᠤᠸᠠᠨ ᠤᠨᠴᠠᠯᠢᠬᠳᠤ ᠵᠢᠵᠢᠭ | ᠪᠠᠯᠭᠠᠰᠤᠨ ᠤ ︽ᠠᠶᠢᠯ ᠡᠷᠦᠬᠡ︾ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ | ᠭᠦᠨᠵᠡᠭᠡᠶ ᠠᠭᠤᠳᠠᠯᠵᠤ᠂ ᠰᠣᠶᠣᠯ᠂ ᠵᠢᠭᠤᠯᠴᠢᠯᠠᠯ᠂ ᠠᠮᠢ ᠠᠬᠤᠶ᠂ ᠦᠨᠳᠦᠰᠦᠲᠡᠨ᠂ ᠵᠠᠩ ᠦᠶ᠋ᠯᠡ ᠶᠢᠨ | ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠣᠷᠣᠭᠤᠯᠤᠨ | ᠠᠪᠴᠢᠷᠠᠬᠤ ᠶᠢ ᠵᠣᠷᠢᠭᠵᠢᠭᠤᠯᠵᠤ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠦᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠴᠢᠨᠠᠷ ᠰᠠᠶᠢᠲᠠᠶ ᠲᠠᠸᠠᠷ ᠤᠨ | ᠬᠠᠩᠭᠠᠯᠭ᠎ᠠ ᠶᠢ ᠨᠡᠮᠡᠭᠳᠡᠭᠦᠯᠵᠦ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠶᠠᠰᠤ ᠴᠢᠨᠠᠷ ᠲᠠᠢ ᠲᠤᠰᠬᠠᠶ | ᠣᠷᠣᠨ ᠲᠤᠰᠬᠠᠶ᠋ᠯᠠᠩᠭᠦᠶ ᠪᠠᠶᠢᠭᠤᠯᠬᠤ ᠶᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠡᠨ ᠤ ᠣᠷᠴᠢᠨ ᠲᠣᠭᠤᠷᠢᠨ ᠤ ᠲᠣᠪᠦ᠋ᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ ᠲᠦᠪᠰᠢᠨ᠂ ᠰᠠᠨᠠᠭ᠎ᠠ ᠠᠮᠤᠷ᠂ ᠲᠥᠪ ᠭᠤᠤᠯᠴᠢ᠂ ᠳᠥᠭᠦᠮ ᠳᠥᠲᠡ | ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠤᠢ ᠪᠣᠯᠭᠠᠨ᠎ᠠ᠃ | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠤᠨ᠎ᠠ᠃ ᠬᠦᠷᠢᠶᠡᠯᠡᠩ | ᠲᠣᠭᠤᠷᠢᠭ ᠤᠨ ᠡᠷᠬᠢᠯᠳᠡᠳᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠤᠨ᠎ᠠ᠃ ᠬᠦᠴᠢᠷᠳᠡᠯ ᠢ ᠪᠦᠬᠦ | ᠬᠦᠴᠦᠨ ᠢᠶᠠᠷ ᠢᠶᠠᠨ ᠨᠠᠮᠳᠠᠭᠤᠯᠵᠤ᠂ ᠲᠡᠷᠢᠭᠦᠨ ᠤ ᠦᠶ᠋ᠯᠡᠴᠢᠯᠡᠭᠡᠨ ᠤ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ | ᠬᠠᠮᠢᠶᠠᠷᠤᠯᠲᠠ ᠦᠶ᠋ᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠳᠡᠭᠡᠳᠦ ᠰᠤᠷᠭᠠᠭᠤᠯᠢ ᠲᠠᠢ ᠬᠠᠮᠲᠤᠷᠠᠯᠴᠠᠨ ᠵᠣᠯᠭᠠᠭᠤᠯᠵᠤ᠂ ᠮᠡᠷᠭᠡᠵᠢᠯ ᠢ ᠬᠤᠪᠢᠷᠠᠭᠤᠯᠬᠤ ᠲᠠᠪᠴᠠᠩ ᠢ | ᠰᠦᠪᠡᠭᠴᠢᠯᠡᠨ ᠪᠠᠶᠢᠭᠤᠯᠤᠨ᠎ᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ᠂ ᠶᠡᠷᠦᠩᠬᠡᠶ ᠲᠥᠯᠥᠪᠵᠢᠭᠦᠯᠪᠡ᠂ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠰᠢᠯᠭᠠᠷᠠᠭᠤᠯᠬᠤ ᠶᠢ ᠪᠡᠶᠡᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠵᠠᠮ ᠢ | ᠥᠭᠡᠷᠡᠴᠢᠯᠡᠵᠦ᠂ ᠢᠯᠴᠢ ᠬᠠᠩᠭᠠᠬᠤ᠂ ᠠᠭᠤᠷ ᠤᠨ ᠤᠷᠲᠤᠳᠬᠠᠯ ᠬᠤᠭᠤᠯᠠᠶ ᠶᠢᠨ ᠲᠣᠤᠷ ᠵᠢᠴᠢ ᠠᠮᠤᠷ ᠲᠦᠪᠰᠢᠨ | ᠰᠡᠷᠭᠡᠶᠢᠯᠡᠯᠲᠡ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠶ᠋ᠯ ᠢ ᠰᠢᠨ᠎ᠡ ᠪᠠᠷ ᠪᠠᠶᠢᠭᠤᠯᠵᠤ᠂ ᠣᠷᠣᠨ | ᠪᠦᠰᠡ ᠶᠢᠨ ᠨᠡᠮᠡᠭᠳᠡᠯ ᠮᠠᠶ᠋ᠢᠭ ᠤᠨ ᠴᠠᠬᠢᠯᠭᠠᠨ ᠲᠦᠭᠡᠭᠡᠬᠦ ᠲᠣᠤᠷ᠂ ᠡᠨᠧᠷᠭᠢ ᠬᠠᠳᠠᠭᠠᠯᠠᠵᠤ ᠢᠯᠴᠢ ᠬᠠᠩᠭᠠᠬᠤ ᠵᠡᠷᠭᠡ | ᠲᠥᠷᠥᠯ ᠵᠦᠶ᠋ᠯ ᠢ ᠦᠷᠭᠦᠯᠵᠢᠯᠡᠨ ᠳᠠᠭᠠᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ | ᠴᠢᠳᠠᠮᠵᠢ ᠶᠢ ᠲᠠᠰᠤᠷᠠᠯᠲᠠ ᠦᠭᠡᠢ ᠲᠡᠭᠦᠯᠳ ᠡᠷᠵᠢᠭᠦᠯᠦᠨᠡ᠃ ᠪᠠᠷᠢᠮᠵᠢᠶᠠᠵᠢᠭᠰᠠᠨ ᠦᠶ᠋ᠯᠡᠳᠪᠦᠷᠢ ᠶᠢᠨ ᠭᠡᠷ | ᠪᠠᠶᠢᠰᠢᠩ ᠤᠨ ᠦᠶ᠋ᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠵᠤ᠂ ᠮᠣᠳᠣᠨ ᠮᠠᠲ᠋ᠧᠷᠢᠶᠠᠯ ᠤᠨ ᠠᠵᠢᠯ ᠲᠥᠷᠥᠯ ᠢ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠤᠨ | ᠳᠠᠪᠠᠭᠤᠯᠢᠭ ᠢ ᠭᠦᠨ ᠠᠭᠤᠳᠠᠯᠵᠤ᠂ ᠭᠠᠳᠠᠭᠠᠳᠤ ᠠᠴᠠ ᠣᠷᠣᠭᠤᠯᠬᠤ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ | ᠂ ᠹᠢᠽᠢᠺ ᠤᠨ ᠠᠷᠭ᠎ᠠ ᠶᠢᠨ ᠢᠳᠡᠪᠬᠢᠲᠦ ᠨᠡᠭᠦᠷᠡᠰᠦ ᠪᠠᠷ ᠭᠤᠣᠯᠳᠠᠭᠤᠯᠵᠤ᠂ 3 — 5 ᠨᠥᠬᠦᠴᠡᠯ ᠪᠦᠷᠢᠳᠦᠭᠰᠡᠨ | ᠠᠷᠠᠯᠵᠢᠶᠠᠨ ᠤ ᠠᠵᠤ ᠦᠶ᠋ᠯᠡᠳᠪᠦᠷᠢ ᠶᠢᠨ ᠰ᠊ ᠠᠯᠠᠭ᠎ᠠ ᠶᠢ ᠨᠢᠭᠡ ᠴᠣᠭᠴᠠᠵᠢᠭᠤᠯᠤᠨ ᠡᠳ᠋ᠰᠢᠭᠦᠯᠦᠨ ᠦᠢᠯᠡᠳᠬᠦ | ᠲᠥᠷᠥᠯ ᠵᠦᠢᠯ ᠢ ᠨᠠᠷᠢᠯᠢᠭ ᠪᠣᠭᠤᠳᠠᠯᠯᠠᠨ᠎ᠠ᠃ ᠣᠳᠣ ᠪᠠᠶᠢᠭ᠎ᠠ ᠠᠵᠤ ᠠᠬᠤᠶᠢᠯᠠᠯ ᠤᠨ ᠴᠢᠳᠠᠪᠤᠷᠢ ᠪᠠᠨ ᠥᠷᠭᠡᠳᠬᠡᠨ | ᠳᠠᠯᠳᠠ ᠬᠦᠴᠦᠨ ᠢᠶᠠᠨ ᠠᠭᠤᠳᠠᠯᠬᠤ ᠶᠢ ᠲᠦᠯᠬᠢᠨ ᠠᠬᠢᠭᠤᠯᠵᠤ᠂ ᠶᠢᠨ ᠢᠦᠶ ᠭᠠᠷᠤᠳᠢ ᠶᠢᠨ ᠬᠡᠯᠪᠡᠷᠢᠲᠦ ᠡᠯᠡᠭᠳᠡᠯ ᠳᠤ | ᠳᠠᠭᠠᠭᠠᠮᠠᠭᠠᠶ ᠦᠶ᠋ᠯᠡᠳᠬᠦᠨ ᠤ ᠦᠶ᠋ᠯᠡᠳᠪᠦᠷᠢᠯᠡᠯ ᠤᠨ ᠱᠤᠭᠤᠮ ᠤᠨ ᠲᠥᠷᠥᠯ ᠵᠦᠶ᠋ᠯ ᠢ ᠰᠢᠨ᠎ᠡ ᠪᠠᠷ ᠪᠠᠶᠢᠭᠤᠯᠬᠤ ᠶᠢ | ᠬᠡᠷᠡᠭᠵᠢᠭᠦᠯᠦᠨ᠎ᠡ᠃ ᠭᠧ ᠷᠦᠨ ᠹᠦ᠋ ᠶᠤᠸᠠᠨ ᠭᠠᠳᠠᠭᠠᠳᠤ ᠠᠴᠠ ᠣᠷᠣᠭᠤᠯᠤᠭᠰᠠᠨ ᠰᠢᠯᠢᠮᠳᠡᠭ ᠤᠨ ᠦᠷ᠎ᠡ ᠡᠳ᠋ᠰᠢᠭᠦᠯᠬᠦ | ᠲᠥᠷᠥᠯ ᠵᠦᠢᠯ ᠤᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠮᠤᠩ ᠹᠡ | ᠴᠠᠬᠢᠭᠤᠷ ᠤᠨ ᠦᠶ᠋ᠯᠡᠰ᠂ ᠣᠯᠠᠨ ᠲᠦᠮᠡᠨ ᠬᠤᠯᠪᠣᠭᠠᠯᠠᠨ ᠹᠠ ᠺᠠᠶ᠂ ᠳᠤᠮᠳᠠᠳᠤ ᠮᠣᠩᠭᠤᠯ ᠤᠨ ᠡᠮ ᠤᠨ | ᠦᠶ᠋ᠯᠡᠳᠪᠦᠷᠢ ᠵᠡᠷᠭᠡ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠰᠤᠯᠠ ᠪᠠᠶᠢᠭ᠎ᠠ ᠡᠳ᠋ ᠬᠥᠷᠥᠩᠭᠡ ᠶᠢ ᠨᠢ | ᠲᠦᠷᠭᠡᠬᠡᠨ ᠠᠮᠢᠵᠢᠷᠠᠭᠤᠯᠤᠨᠠ᠃ ᠳᠡᠭᠡᠭᠰᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ | ᠬᠠᠪᠰᠤᠷᠤᠨ ᠬᠡᠷᠡᠯ ᠴᠡᠨᠡᠭ ᠢ ᠲᠣᠬᠢᠷᠠᠭᠤᠯᠬᠤ ᠴᠢᠨᠠᠷᠲᠠᠶ ᠥᠷᠢᠰᠥᠯᠳᠦᠭᠡᠨ ᠢ ᠦᠷᠨᠢᠭᠦᠯᠦᠨ᠎ᠡ᠃ | ︵ᠬᠤᠶᠠᠷ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠷᠭᠦᠯᠵᠢᠯᠡᠨ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠬᠤ ᠨᠢ ᠠᠵᠤ ᠠᠬᠤᠶ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠢᠳᠠᠯ ᠲᠠᠢ ᠬᠤᠯᠪᠣᠭᠳᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠢ | ᠬᠤᠯᠪᠣᠭᠳᠠᠨ᠎ᠠ᠃ ᠡᠷᠬᠡᠪᠰᠢ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠩᠬᠠᠷᠤᠯ ᠢᠶᠠᠨ ᠲᠥᠪᠯᠡᠷᠡᠭᠦᠯᠦᠨ | ᠬᠦᠴᠦᠨ ᠢᠶᠠᠨ ᠲᠥᠪᠯᠡᠷᠡᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠪᠦᠷᠢᠨ | ᠢᠯᠠᠯᠲᠠ ᠪᠦᠷᠢᠨ ᠢᠯᠠᠯᠲᠠ ᠤᠯᠬᠤ ᠶᠢ ᠠᠬᠢᠭᠤᠯᠬᠤ ᠬᠡᠷᠡᠭᠲᠡᠢ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠤᠨ᠎ᠠ᠃ ︽ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ᠂ ᠰᠢᠨ᠎ᠡ ᠥᠷᠢ | ᠰᠢᠷᠢ ᠶᠢ ᠴᠢᠩᠭ᠎ᠠ ᠬᠢᠵᠠᠭᠠᠷᠯᠠᠬᠤ᠂ ᠬᠠᠭᠤᠴᠢᠨ ᠥᠷᠢ ᠰᠢᠷᠢ ᠶᠢ ᠲᠣᠳᠣᠷᠬᠠᠶ ᠣᠶᠢᠯᠠᠭᠠᠬᠤ᠂ ᠬᠠᠷᠢᠭᠤᠴᠠᠯᠭ᠎ᠠ ᠶᠢ | ᠲᠣᠳᠣᠷᠬᠠᠶ ᠪᠣᠯᠭᠠᠬᠤ᠂ ᠲᠥᠷᠥᠯ ᠬᠤᠪᠢᠶᠠᠨ ᠰᠢᠶ᠋ᠳᠪᠦᠷᠢᠯᠡᠬᠦ᠂ ᠠᠯᠬᠤᠮ ᠠᠯᠬᠤᠮ ᠢᠶᠠᠷ ᠠᠷᠢᠯᠭᠠᠬᠤ︾ ᠵᠠᠷᠴᠢᠮ ᠤᠨ | ᠶᠣᠰᠣᠭᠠᠷ᠂ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠴᠢᠩᠭᠠᠳᠬᠠᠬᠤ᠂ ᠡᠩ ᠤᠨ ᠴᠢᠨᠠᠷᠲᠠᠶ ᠵᠠᠷᠤᠯᠭ᠎ᠠ ᠶᠢ | ᠪᠠᠭᠠᠰᠬᠠᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠰᠢᠶ᠋ᠳᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠳᠠᠯᠳᠠ ᠴᠢᠨᠠᠷᠲᠠᠢ ᠥᠷᠢ ᠥᠭᠴᠡᠭᠡ ᠶᠢ 0.5 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠢᠯᠭᠠᠷᠠᠭᠤᠯᠬᠤ ᠠᠵᠢᠯ ᠢ | ᠪᠡᠶᠡᠯᠡᠭᠦᠯᠪᠡ᠃ ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠲᠣᠭᠲᠠᠴᠠ ᠶᠢ ᠬᠠᠤᠯᠢ | ᠶᠣᠰᠣᠭᠠᠷ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠶ᠋ᠯ᠂ ᠪᠡᠯᠡ | ᠲᠣᠬᠢᠷᠠᠭᠤᠯᠭ᠎ᠠ ᠶᠢᠨ ᠵᠢᠭᠡᠯᠡᠯᠭᠡ ᠠᠪᠬᠤ ᠪᠠ ᠣᠯᠠᠨ ᠨᠡᠶᠢᠲᠡ ᠶᠢᠨ ᠦᠶ᠋ᠯᠡᠴᠢᠯᠡᠭᠡ ᠬᠤᠳᠠᠯᠳᠤᠨ ᠠᠪᠬᠤ ᠦᠢᠯᠡ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠡᠷᠡᠰ ᠰᠡᠷᠭᠡᠶᠢᠯᠡᠨ | ᠬᠤᠷᠢᠭᠯᠠᠨ᠎ᠠ᠃ ᠮᠥᠩᠭᠦᠨ ᠭᠦᠶ᠋ᠯᠭᠡᠭᠡᠨ ᠤ ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ | ᠡᠵᠡᠮᠳᠡᠵᠦ ᠰᠢᠶ᠋ᠳᠪᠦᠷᠢᠯᠡᠬᠦ ᠶᠢ ᠴᠢᠩᠬᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠢᠩᠬ᠎ᠠ | ᠴᠣᠬᠢᠯᠲᠠ ᠥᠭᠬᠦ᠃ ᠥᠨᠳᠥᠷ ᠬᠦᠤ ᠲᠠᠢ ᠵᠢᠭᠡᠯᠡᠯᠭᠡ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠶ᠋ᠯᠭᠡᠭᠡᠨ ᠤ ᠠᠶᠤᠯ ᠲᠦᠭᠰᠢᠭᠦᠷᠢ ᠦᠯᠦ | ᠡᠭᠦᠰᠬᠦ ᠬᠢᠵᠠᠭᠠᠷ ᠱᠤᠭᠤᠮ ᠢ ᠪᠠᠲᠤ ᠰᠠᠬᠢᠨ᠎ᠠ᠃ | ᠶᠠᠳᠠᠭᠤ ᠶᠢ ᠲᠡᠳᠬᠦᠵᠦ ᠵᠦᠳᠡᠭᠦᠤ ᠶᠢ ᠲᠤᠰᠠᠯᠠᠬᠤ ᠪᠡᠷᠬᠡ ᠰᠡᠳᠦᠪ ᠢ ᠰᠢᠶ᠋ᠳᠪᠦᠷᠢᠯᠡᠬᠦ ᠲᠠᠶᠢᠨ ᠳᠤ ᠡᠷᠡᠰ | ᠢᠯᠠᠯᠲᠠ ᠣᠯᠤᠨ᠎ᠠ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠮᠦᠨ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠮᠥᠩᠭᠦᠨ ᠭᠦᠶ᠋ᠯᠭᠡᠭᠡᠨ᠂ ᠭᠠᠳᠠᠭᠠᠳᠤ ᠠᠷᠠᠯᠵᠢᠶ᠎ᠠ᠂ ᠠᠵᠤ ᠦᠶ᠋ᠯᠡᠰ ᠵᠡᠷᠭᠡ ᠶᠠᠳᠠᠭᠤ ᠶᠢ ᠲᠡᠳᠬᠦᠬᠦ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠬᠠᠳᠬᠠᠵᠠᠶ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠦᠨᠳᠦᠰᠦᠨ ᠵᠦᠶ᠋ᠯ ᠢ ᠪᠠᠲᠤᠯᠠᠬᠤ ᠪᠠᠲᠤᠯᠠᠭ᠎ᠠ ᠶᠢ ᠰᠠᠶᠢᠲᠤᠷ ᠠᠳᠬᠤᠨ᠎ᠠ᠃ ᠨᠠᠮ ᠵᠠᠰᠠᠭ ᠤᠨ ᠪᠠᠶᠢᠭᠤᠯᠤᠯᠭ᠎ᠠ | ᠬᠤᠤᠰᠯᠠᠯ ᠪᠠᠶᠢᠭᠤᠯᠤᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ᠂ ᠳᠤᠮᠳᠠ ᠳᠣᠤᠷ᠎ᠠ | ᠣᠷᠣᠯᠭ᠎ᠠ ᠲᠠᠢ ᠣᠯᠠᠨ ᠲᠦᠮᠡᠨ ᠤ ᠪᠠᠭ᠎ᠠ ᠲᠣᠭᠠᠨ ᠤ ᠵᠢᠭᠡᠯᠡᠯᠭᠡ ᠶᠢᠨ ᠬᠠᠪᠰᠤᠷᠤᠨ ᠲᠡᠳᠬᠦᠬᠦᠠ ᠵᠢᠯ ᠢ ᠦᠷᠭᠦᠯᠵᠢᠯᠡᠨ | ᠥᠷᠨᠢᠭᠦᠯᠦᠨ᠎ᠡ᠃ ᠭᠠᠳᠠᠭᠠᠳᠤ ᠠᠷᠠᠯᠵᠢᠶ᠎ᠠ ᠪᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠮᠠᠨᠵᠤᠤᠷ | ᠬᠤᠲᠠ ᠶᠢᠨ ᠬᠠᠷᠢᠯᠴᠠᠨ ᠠᠷᠠᠯᠵᠢᠶᠠᠯᠠᠬᠤ ᠲᠣᠭᠤᠷᠢᠭ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠴᠢᠷᠳᠡᠯᠲᠡᠶ | ᠣᠯᠠᠨ ᠲᠦᠮᠡᠨ ᠤ ᠭᠠᠭᠴᠠ ᠤᠳᠠᠭᠠᠨ ᠤ ᠠᠷᠠᠯᠵᠢᠶ᠎ᠠ ᠳᠤ ᠠᠰᠢᠭ ᠭᠥᠷᠳᠡᠬᠦ ᠲᠤᠭ᠎ᠠ ᠶᠢ ᠳᠡᠭᠡᠭᠰᠢᠯᠡᠭᠦᠯᠦᠨ᠎ᠡ᠃ ᠠᠵᠤ | ᠦᠶ᠋ᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠶ᠋ᠯᠡᠳᠪᠦᠷᠢᠯᠡᠯ ᠢᠶᠠᠷ ᠥᠪᠡᠷ ᠢ ᠪᠠᠨ | ᠠᠪᠤᠷᠠᠬᠤ ᠳᠠᠭᠠᠭᠤᠯᠤᠭᠴᠢ ᠶᠢᠨ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠣᠯᠠᠨ | ᠲᠦᠮᠡᠨ ᠤ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠦᠯᠵᠦ᠂ ᠬᠤᠲᠠ ᠶᠢᠨ | ᠶᠠᠳᠠᠭᠤ ᠬᠦᠴᠢᠷᠳᠡᠯᠲᠡᠢ ᠬᠥᠮᠦᠰ ᠤᠨ ᠶᠠᠳᠠᠭᠤ ᠠᠴᠠ ᠠᠩᠭᠢᠵᠢᠷᠠᠭᠤᠯᠬᠤ ᠶᠢ ᠪᠦᠬᠦ ᠬᠦᠴᠦ ᠪᠠᠷ ᠢᠶᠠᠨ ᠬᠠᠪᠰᠤᠷᠤᠨ᠎ᠠ᠃ | | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ᠃ | ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ | ᠴᠢᠨᠠᠷ ᠰᠠᠶᠢᠲᠠᠶ ᠪᠡᠶᠡᠯᠡᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ | ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦᠨ ᠢ ᠪᠡᠶᠡᠯᠡᠭᠦᠯᠦᠨ᠎ᠡ᠃ ᠬᠥᠬᠡ ᠣᠭᠲᠠᠷᠭᠤᠢ ᠶᠢ | ᠬᠠᠮᠠᠭᠠᠯᠠᠬᠤ ᠳᠠᠶᠢᠨ ᠢ ᠰᠠᠶᠢᠲᠤᠷ ᠬᠢᠬᠦ ᠬᠡᠷᠡᠭᠲᠡᠶ᠃ ᠯᠢᠩ ᠯᠦ ᠠᠭᠤᠷᠬᠠᠢ ᠶᠢ ᠲᠥᠪᠯᠡᠷᠡᠭᠦᠯᠦᠨ ᠳᠤᠯᠠᠭᠠᠯᠠᠭ᠎ᠠ | ᠬᠠᠩᠭᠠᠬᠤ᠂ ᠯᠢᠩ ᠳ᠋ᠦᠩ ᠠᠭᠤᠷᠬᠠᠢ ᠶᠢ ᠭᠠᠵᠠᠷ ᠲᠤ ᠪᠠᠭᠤᠯᠭᠠᠭᠰᠠᠨ ᠨᠡᠭᠦᠷᠡᠰᠦᠨ ᠲᠠᠯᠠᠪᠠᠢ ᠶᠢ ᠪᠢᠲᠡᠭᠦᠮᠵᠢᠯᠡᠬᠦ | ᠢᠨᠵᠧᠨᠧᠷᠢᠩ ᠢ ᠪᠡᠶᠡᠯᠡᠭᠦᠯᠦᠨ᠎ᠡ᠃ ᠨᠡᠭᠦᠷᠡᠰᠦ ᠰᠢᠲᠠᠭᠠᠬᠤ ᠭᠦᠸᠧᠯᠦ ᠶᠢ ᠴᠡᠭᠴᠡᠯᠡᠨ ᠵᠠᠰᠠᠬᠤ ᠶᠢ ᠠᠬᠢᠭᠤᠯᠵᠤ᠂ | ᠣᠷᠣᠨ ᠤ ᠳᠣᠲᠣᠷᠠᠬᠢ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ | ᠭᠦᠸᠧᠯᠦ ᠶᠢ ᠪᠠᠶᠢᠭᠤᠯᠬᠤ ᠶᠢ ᠪᠥᠬᠦ ᠲᠠᠯ᠎ᠠ ᠪᠠᠷ ᠦᠭᠡᠶᠢᠰᠬᠡᠨ᠎ᠡ᠃ ᠨᠡᠭᠦᠷᠡᠰᠦᠨ ᠠᠭᠤᠷᠬᠠᠢ ᠶᠢᠨ ᠪᠤᠰᠤ ᠠᠭᠤᠯᠠ | ᠳᠡᠭᠳᠡᠬᠦ ᠲᠣᠭᠤᠰᠣ ᠶᠢ ᠵᠠᠰᠠᠬᠤ ᠠᠵᠢᠯ ᠢ ᠪᠡᠶᠡᠯᠡᠭᠦᠯᠵᠦ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ | ᠪᠣᠬᠢᠷᠲᠤᠯ︾ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠨᠣᠮᠢᠨ | ᠤᠰᠤ ᠶᠢ ᠬᠠᠮᠠᠭᠠᠯᠠᠬᠤ ᠳᠠᠶᠢᠨ ᠢ ᠰᠠᠶᠢᠲᠤᠷ ᠬᠢᠬᠦ ᠬᠡᠷᠡᠭᠲᠡᠶ᠃ ᠠᠮᠢᠳᠤᠷᠠᠯ ᠤᠨ ᠪᠣᠬᠢᠷ ᠤᠰᠤ ᠰᠢᠶ᠋ᠳᠪᠦᠷᠢᠯᠡᠬᠦ | ᠦᠶ᠋ᠯᠡᠳᠪᠦᠷᠢ᠂ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠶ᠋ᠳᠪᠦᠷᠢᠯᠡᠬᠦ | ᠦᠶ᠋ᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ | ᠨᠠᠨ ᠨᠡᠭᠦᠷᠡᠰᠦᠨ ᠭᠤᠤ ᠶᠢᠨ ᠡᠷᠭᠢᠨ ᠲᠣᠭᠤᠷᠢᠨ ᠤ ᠤᠰᠤᠨ ᠴᠥᠭᠦᠷᠥᠮ ᠤᠨ ᠣᠷᠴᠢᠨ ᠲᠣᠭᠤᠷᠢᠨ ᠢ ᠵᠠᠰᠠᠬᠤ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 40 ᠲᠦᠮᠡᠨ ᠪᠣᠰᠤᠭ᠎ᠠ ᠳᠥᠷᠪᠡᠯᠵᠢᠨ ᠮᠧᠳ᠋ᠷ | ᠤᠰᠤᠨ ᠴᠣᠭᠴᠠ ᠶᠢ ᠵᠠᠰᠠᠨ᠎ᠠ᠃ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠨ ᠢ ᠰᠠᠶᠢᠲᠤᠷ ᠬᠢᠬᠦ ᠬᠡᠷᠡᠭᠲᠡᠶ᠃ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶ᠋ᠯ ᠢ ᠦᠷᠭᠦᠯᠵᠢᠯᠡᠨ | ᠠᠬᠢᠭᠤᠯᠤᠨ᠎ᠠ᠃ ᠠᠵᠤ ᠦᠶ᠋ᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ | ᠰᠢᠭᠠᠷᠤ ᠶᠢᠨ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ ᠠᠵᠤ ᠦᠶ᠋ᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠠᠰᠠᠭᠤᠳᠠᠯ ᠢ ᠲᠦᠢᠯᠪᠤᠷᠢᠲᠠᠶ ᠰᠢᠶ᠋ᠳᠪᠦᠷᠢᠯᠡᠵᠦ᠂ ᠠᠵᠤ | ᠦᠶ᠋ᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠶᠤᠯ ᠦᠭᠡᠢ ᠪᠠᠷ ᠰᠢᠶ᠋ᠳᠪᠦᠷᠢᠯᠡᠬᠦ ᠨᠣᠷᠮ᠎ᠠ ᠶᠢᠨ | 100% ᠳᠤ ᠬᠦᠷᠦᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ | ᠠᠬᠤᠶ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠥᠭᠬᠦ ᠲᠣᠭᠲᠠᠴᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠣᠷᠣᠨ ᠪᠦᠰᠡ ᠶᠢᠨ | ᠵᠥᠪᠰᠢᠶᠡᠷᠡᠯ ᠪᠠ ᠬᠡᠷᠡᠭᠴᠡᠭᠡ ᠶᠢ ᠬᠤᠪᠢᠷᠠᠭᠤᠯᠤᠨ ᠬᠡᠷᠡᠭᠯᠡᠬᠦ ᠵᠥᠪᠰᠢᠶᠡᠷᠡᠯ ᠤᠨ ᠲᠦᠷᠢᠮ ᠢ ᠪᠠᠶᠢᠭᠤᠯᠤᠨ᠎ᠠ᠃ ︽ | ᠨᠠᠭᠤᠷ ᠬᠤᠲᠠ ᠶᠢ ᠨᠢᠭᠡ ᠴᠣᠭᠴᠠᠵᠢᠭᠤᠯᠤᠭᠰᠠᠨ︾ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠵᠤ᠂ ᠬᠤᠲᠠ ᠶᠢᠨ ᠲᠥᠯᠥᠪᠵᠢᠭᠦᠯᠪᠡ᠂ ᠠᠵᠤ ᠦᠢᠯᠡᠰ ᠤᠨ ᠬᠥᠭᠵᠢᠯᠲᠡ᠂ ᠡᠬᠢ ᠪᠠᠶᠠᠯᠢᠭ ᠢ | ᠠᠰᠢᠭᠯᠠᠬᠤ ᠶᠢ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠬᠤ ᠶᠢ ᠠᠬᠢᠭᠤᠯᠤᠨ᠎ᠠ᠃ ᠬᠤᠲᠠ ᠶᠢᠨ ᠦᠶᠡᠷ ᠢ | ᠰᠡᠷᠭᠡᠶᠢᠯᠡᠬᠦ ᠰᠢᠰᠲ᠋ᠧᠮᠵᠢ ᠪᠣᠯᠤᠨ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠤᠷᠢᠳᠴᠢᠯᠠᠨ ᠮᠡᠳᠡᠭᠡᠯᠡᠵᠦ | ᠰᠡᠷᠡᠮᠵᠢᠯᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥᠯ ᠵᠦᠶ᠋ᠯ ᠢ ᠲᠦᠷᠭᠡᠳᠬᠡᠨ ᠠᠬ ᠢᠭᠤᠯᠤᠨᠠ᠃ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦ ᠴᠢᠨᠠᠬᠤ ᠺᠣᠮᠫᠠᠨᠢ | ᠶ᠊ ᠶᠢᠨ ᠭᠤᠷᠪᠠᠳᠤᠭᠠᠷ ᠬᠤᠭᠤᠴᠠᠭᠠᠨ ᠤ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ | ᠪᠡᠶᠡᠯᠡᠭᠦᠯᠵᠦ᠂ ᠬᠠᠶᠠᠭᠳᠠᠮᠠᠯ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠶᠢ ᠴᠢᠩᠭᠠᠳᠬᠠᠵᠤ᠂ | ᠠᠭᠤᠷᠬᠠᠢ ᠶᠢ ᠨᠠᠩ ᠪᠣᠬᠢᠷᠲᠤᠯ ᠦᠭᠡᠢ᠂ ᠨᠠᠩ ᠣᠷᠴᠢᠨ ᠲᠣᠭᠤᠷᠢᠨ ᠢ ᠬᠠᠮᠠᠭᠠᠯᠠᠵᠤ᠂ ᠨᠠᠩ ᠥᠨᠳᠥᠷ ᠦᠷ᠎ᠡ | ᠪᠦᠲᠦᠮᠵᠢᠲᠡᠢ ᠪᠣᠯᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠦᠷᠭᠦᠯᠵᠢᠯᠡᠨ | ᠨᠠᠢᠳᠠᠪᠤᠷᠢᠵᠢᠭᠤᠯᠬᠤ᠂ ᠥᠷᠭᠡᠨ ᠭᠤᠤᠯ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠢ ᠠᠬᠢᠭᠤᠯᠵᠤ᠂ ᠬᠥᠯᠥᠨ ᠨᠠᠭᠤᠷ ᠢ ᠬᠠᠮᠠᠭᠠᠯᠠᠬᠤ ᠪᠠ ᠵᠠᠰᠠᠬᠤ ᠵᠣᠬᠢᠴᠠᠭᠤᠯᠭ᠎ᠠ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠠᠷᠠᠳ ᠢ | ᠨᠡᠭᠦᠯᠭᠡᠬᠦ ᠢᠨᠵᠧᠨᠧᠷᠢᠩ ᠢ ᠪᠡᠶᠡᠯᠡᠭᠦᠯᠵᠦ᠂ ᠬᠥᠯᠥᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠤᠨ ᠪᠦᠷᠢᠶ᠎ᠡ ᠶᠢ ᠪᠦᠬᠦᠨ ᠢ ᠬᠠᠰᠤᠬᠤ ᠶᠢ ᠦᠨᠡᠨᠬᠦ ᠪᠠᠲᠤᠯᠠᠵᠤ᠂ ᠠᠮᠢ ᠠᠬᠤᠢ ᠶᠢᠨ | ᠬᠠᠮᠠᠭᠠᠯᠠᠯᠲᠠ ᠵᠠᠰᠠᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠣᠷᠴᠢᠨ ᠲᠣᠭᠤᠷᠢᠨ ᠤ | ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠴᠠᠪᠴᠢᠬᠤ᠂ | ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠭᠠᠳᠠᠭᠰᠢᠯᠠᠭᠤᠯᠬᠤ᠂ | ᠳᠤᠷ᠎ᠠ ᠪᠠᠷ ᠢᠶᠠᠨ ᠠᠩᠨᠠᠬᠤ ᠠᠰᠠᠭᠤᠳᠠᠯ ᠢ ᠴᠡᠭᠴᠡᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠡᠨᠧᠷᠭᠢ ᠠᠷᠪᠢᠯᠠᠬᠤ ᠶᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠪᠢᠴᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠭᠤᠷᠪᠠ︶ ᠬᠤᠲᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠠᠴᠢᠶᠠᠯᠠᠪᠤᠷᠢ ᠶᠢ ᠰᠢᠯᠢᠳᠡᠭᠵᠢᠭᠦᠯᠦᠨ᠎ᠡ᠃ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠨᠠᠷ ᠢᠯᠢᠬᠵᠢᠭᠤᠯᠬᠤ ᠲᠡᠰᠢ ᠬᠤᠪᠢᠷᠠᠭᠤᠯᠬᠤ ᠶᠢ | ᠠᠬᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠳᠡᠭᠡᠷ᠎ᠡ ᠰᠢᠨ᠎ᠡ | ᠳᠡᠭᠡᠭᠰᠢᠯᠡᠯᠲᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠠᠵᠢᠯ ᠲᠥᠷᠥᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠯᠠ ᠵᠠᠮ ᠤᠨ | ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠡᠵᠡᠩᠨᠡᠯᠲᠡ ᠳᠤ ᠣᠷᠣᠭᠤᠯᠬᠤ ᠪᠠᠷ ᠴᠢᠷᠮᠠᠶᠢᠵᠠᠶ᠃ | ᠬᠤᠲᠠ ᠶᠢᠨ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠲᠥᠷᠥᠯ ᠵᠦᠶ᠋ᠯ ᠢ ᠬᠡᠷᠡᠭᠵᠢᠭᠦᠯᠵᠦ᠂ | ᠣᠯᠠᠨ ᠲᠦᠮᠡᠨ ᠤ ᠶᠠᠪᠤᠵᠤ ᠰᠠᠭᠤᠬᠤ ᠶᠢ ᠨᠠᠩ ᠠᠮᠤᠷ ᠲᠦᠪᠰᠢᠨ᠂ ᠳᠥᠭᠦᠮ ᠳᠥᠲᠡ ᠪᠣᠯᠭᠠᠨ᠎ᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠣᠯᠠᠨ | ᠲᠦᠮᠡᠨ ᠳᠤ ᠰᠠᠶᠢᠨ ᠰᠠᠶᠢᠬᠠᠨ ᠠᠵᠢᠯᠯᠠᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠬᠤᠲᠠ ᠶᠢᠨ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠵᠠᠯᠭᠠᠮᠵᠢ ᠠᠵᠢᠯ ᠢ ᠪᠡᠶᠡᠯᠡᠭᠦᠯᠵᠦ᠂ ᠪᠠᠶᠢᠰᠢᠩ ᠤᠨ | ᠲᠣᠭᠤᠷᠢᠭ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠠᠶ᠃ ᠪᠣᠬᠢᠷ ᠤᠰᠤ ᠶᠢ ᠳᠡᠭᠡᠭᠰᠢᠯᠡᠭᠦᠯᠬᠦ | ᠬᠥᠭᠡᠷᠭᠡ ᠶᠢᠨ ᠥᠷᠲᠡᠭᠡ ᠶᠢ ᠥᠭᠡᠷᠡᠴᠢᠯᠡᠨ ᠪᠠᠶᠢᠭᠤᠯᠬᠤ ᠵᠢᠴᠢ ᠢᠳᠦᠭᠦᠯᠬᠦ ᠬᠤᠭᠤᠯᠠᠶ ᠱᠤᠭᠤᠮ ᠤᠨ ᠲᠥᠷᠥᠯ | ᠵᠦᠶ᠋ᠯ ᠢ ᠬᠡᠷᠡᠭᠵᠢᠭᠦᠯᠵᠦ᠂ ᠦᠶ᠋ᠯᠡᠳᠪᠦᠷᠢ ᠬᠤᠳᠠᠯᠳᠤᠭ᠎ᠠ ᠶᠢᠨ ᠣᠷᠣᠨ ᠰᠠᠭᠤᠴᠠ ᠶᠢᠨ ᠠᠰᠠᠷ᠂ ᠬᠥᠯᠥᠨ ᠨᠠᠭᠤᠷ ᠤᠨ | 1 ᠳ᠋ᠦᠭᠡᠷ ᠨᠣᠮᠧᠷᠲᠤ ᠠᠰᠠᠷ᠂ ᠬᠠᠭᠤᠴᠢᠨ ᠵᠠᠰᠠᠭ ᠤᠨ ᠣᠷᠳᠣᠨ ᠤ ᠪᠠᠷᠠᠭᠤᠨ ᠲᠠᠯ᠎ᠠ ᠶᠢᠨ ᠣᠷᠣᠨ ᠰᠠᠭᠤᠴᠠ ᠶᠢᠨ | ᠠᠰᠠᠷ ᠵᠡᠷᠭᠡ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠪᠡᠯᠡᠳᠬᠡᠮᠵᠢ ᠵᠢᠴᠢ ᠯᠢᠩ ᠴᠢᠤᠸᠠᠨ ᠪᠠᠯᠭᠠᠰᠤᠨ ᠤ | ᠵᠢᠵᠢᠭ ᠲᠠᠯᠠᠪᠠᠶ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ | ᠲᠣᠤᠷ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠵᠠᠮ ᠢ ᠨᠥᠬᠦᠪᠥᠷᠢᠯᠡᠬᠦ᠂ ᠵᠠᠮ ᠤᠨ ᠳ᠋ᠧᠩ ᠢ | ᠰᠣᠯᠢᠬᠤ᠂ ᠲᠡᠷᠭᠡ ᠵᠣᠭᠰᠣᠭᠠᠬᠤ ᠲᠡᠮᠳᠡᠭ ᠱᠤᠭᠤᠮ ᠢ ᠢᠯᠡᠳᠬᠡᠬᠦ᠂ ᠴᠢᠮᠡᠭᠡ ᠬᠤᠯᠪᠣᠭᠠᠨ ᠤ ᠱᠤᠭᠤᠮ ᠢ ᠨᠤᠷᠠᠭᠠᠬᠤ᠂ | ᠬᠠᠭᠤᠴᠢᠨ ᠬᠤᠲᠠ ᠶᠢᠨ ᠲᠣᠭᠤᠷᠢᠭ ᠤᠨ ᠶᠠᠪᠠᠭᠠᠨ ᠬᠥᠮᠦᠨ ᠤ ᠬᠥᠭᠦᠷᠭᠡ ᠶᠢ ᠰᠡᠯᠪᠢᠨ ᠵᠠᠰᠠᠬᠤ ᠵᠡᠷᠭᠡ ᠨᠢᠭᠡ ᠪᠦᠯᠦᠭ | ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭ ᠦᠯᠳᠡᠷᠵᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠤᠨ᠎ᠠ᠃ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠠᠮᠢᠳᠤᠷᠠᠯ ᠤᠨ ᠣᠷᠴᠢᠨ ᠨᠥᠬᠦᠴᠡᠯ ᠢ | ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ | ᠬᠤᠲᠠ ᠶᠢᠨ ᠲᠣᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠮᠢ ᠠᠬᠤᠢ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠣᠳᠣᠷᠬᠠᠶ ᠦᠭᠡᠢ᠂ ᠠᠵᠤ ᠠᠬᠤᠶᠢᠯᠠᠯ ᠤᠨ | ᠦᠶ᠋ᠯᠡᠴᠢᠯᠡᠭᠡᠨ ᠤ ᠦᠵᠡᠯ ᠤᠬᠠᠮᠰᠠᠷ ᠴᠢᠩᠭ᠎ᠠ ᠪᠤᠰᠤ ᠵᠡᠷᠭᠡ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠠᠳᠠᠯ | ᠠᠬᠤᠢ ᠶᠢᠨ ᠪᠦᠷᠬᠦᠴᠡ ᠶᠢᠨ ᠨᠣᠷᠮ᠎ᠠ ᠪᠣᠯᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ ᠡ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ | ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠠᠮ ᠡᠵᠡᠯᠡᠨ ᠡᠵᠡᠩᠨᠡᠬᠦ | ᠂ ᠳᠤᠷ᠎ᠠ ᠪᠠᠷ ᠢᠶᠠᠨ ᠵᠣᠭᠰᠣᠬᠤ᠂ ᠲᠡᠷᠭᠡ ᠬᠥᠰᠬᠡ ᠶᠢ ᠭᠤᠭᠤᠵᠢᠭᠤᠯᠬᠤ ᠵᠡᠷᠭᠡ ᠠᠷᠬᠠᠭ ᠭᠡᠮ ᠢ ᠰᠠᠶᠢᠲᠤᠷ | ᠰᠢᠶ᠋ᠳᠪᠦᠷᠢᠯᠡᠨ᠎ᠡ᠃ ᠬᠤᠲᠠ ᠶᠢᠨ ᠶᠡᠷᠦᠩᠬᠡᠶᠢᠯᠡᠭᠰᠡᠨ ᠣᠷᠴᠢᠨ ᠲᠣᠭᠤᠷᠢᠨ ᠤ ᠠᠰᠠᠭᠤᠳᠠᠯ ᠢ ᠪᠦᠬᠦ ᠲᠠᠯ᠎ᠠ ᠪᠠᠷ | ᠵᠠᠰᠠᠵᠤ᠂ ᠴᠡᠪᠡᠷ ᠴᠡᠭᠴᠡ ᠯᠢᠭ ᠬᠤᠲᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | ︵ᠳᠥᠷᠪᠡ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠰᠢᠪᠲᠤᠯᠤᠯᠲᠠ ᠪᠣᠯᠭᠠᠵᠤ᠂ ᠬᠦᠴᠦᠯᠡᠬᠦ ᠴᠡᠭ ᠢ ᠣᠨᠣᠪᠴᠢᠲᠠᠶ ᠰᠣᠩᠭᠤᠵᠤ᠂ ᠳᠣᠲᠣᠭᠠᠳᠤ ᠥᠭᠡᠷᠡᠴᠢᠯᠡᠯᠲᠡ᠂ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠪᠠᠭᠤᠯᠭᠠᠬᠤ | ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽12345︾ | ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠠᠭᠤᠰᠤᠯᠴᠠᠭᠤᠯᠬᠤ᠂ ᠴᠠᠭ ᠪᠠ ᠣᠷᠣᠨ ᠵᠠᠢ ᠶᠢ ᠠᠭᠤᠰᠤᠯᠴᠠᠭᠤᠯᠬᠤ᠂ ᠠᠵᠢᠯ ᠶᠠᠪᠤᠳᠠᠯ | ᠭᠦᠢᠴᠡᠳᠬᠡᠬᠦ ᠠᠷᠭ᠎ᠠ ᠵᠠᠮ ᠢ ᠠᠭᠤᠰᠤᠯᠴᠠᠭᠤᠯᠬᠤ︾ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ | ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠦᠷ᠎ᠡ ᠬᠠᠪᠢ ᠳᠤᠨᠢ ᠭᠦᠢᠴᠡᠳᠬᠡᠬᠦ᠂ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠎ᠡ᠃ | ᠠᠵᠢᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠳᠤ ︽ | ᠵᠥᠪᠬᠡᠨ ᠨᠢᠭᠡ ᠯᠡ ᠡᠭᠦᠳᠡ ᠪᠠᠷ ᠣᠷᠣᠵᠤ᠂ ᠶᠡᠬᠡᠳᠡᠬᠦ ᠳᠡᠭᠡᠨ ᠨᠢᠭᠡ ᠯᠡ ᠤᠳᠠᠭ᠎ᠠ ᠭᠦᠶᠦᠯᠭᠡᠬᠦ︾ ᠶᠢ ᠦᠨᠡᠨ ᠬᠦ | ᠪᠡᠶᠡᠯᠡᠭᠦᠯᠦᠨ᠎ᠡ᠃ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠭᠡᠷᠡᠴᠢ ᠦᠨᠡᠮᠯᠡᠯ ᠢ ᠰᠠᠯᠭᠠᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠ ︽ | ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠮᠥᠩᠭᠦᠨ | ᠭᠦᠶ᠋ᠯᠭᠡᠭᠡᠨ ᠤ ᠢᠨᠵᠧᠨᠧᠷᠢᠩ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠲ᠋ᠣᠺ ᠤᠨ ᠡᠷᠬᠡ ᠶᠢᠨ ᠭᠤᠤᠯ | ᠠᠵᠢᠯᠯᠠᠬᠤ ᠥᠷᠲᠡᠭᠡ ᠶᠢᠨ ᠠᠵᠢᠯ ᠢᠶᠠᠨ ᠥᠷᠨᠢᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ | ᠤᠷᠮᠠᠰᠢᠭᠤᠯᠬᠤ᠂ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠮᠣᠨᠣᠫᠣᠯᠢᠴᠢᠯᠠᠯ ᠢ | ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ | ᠰᠠᠶᠢᠵᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ | ᠠᠬᠤᠶᠢᠯᠠᠯᠲᠠᠨ ᠤ ᠰᠠᠨᠠᠯ ᠢ ᠢᠯᠡᠭᠦᠬᠡᠨ ᠰᠣᠨᠣᠰᠴᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠶ᠋ᠳᠪᠦᠷᠢᠯᠡᠨ ᠥᠭᠴᠦ᠂ ᠠᠵᠤ ᠠᠬᠤᠶᠢᠯᠠᠯᠲᠠᠨ ᠢ ᠰᠡᠳᠬᠢᠯ ᠠᠮᠠᠷᠠᠭᠤᠯᠵᠤ᠂ ᠰᠡᠳᠬᠢᠯ ᠠᠮᠤᠷ᠂ ᠨᠢᠭᠡ | ᠰᠡᠳᠬᠢᠯ ᠢᠶᠠᠷ ᠠᠵᠢᠯ ᠦᠶ᠋ᠯᠡᠰ ᠤᠨ ᠬᠥᠭᠵᠢᠯᠲᠡ ᠳᠤ ᠬᠠᠨᠳᠤᠭᠤᠯᠪᠠ᠃ ᠲᠥᠪ ᠤᠨ ᠭᠠᠶᠢᠯᠢ ᠬᠥᠩᠭᠡᠯᠡᠵᠦ | ᠰᠦᠶ᠋ᠳᠬᠡᠯ ᠪᠠᠭᠤᠷᠠᠭᠤᠯᠬᠤ᠂ ᠮᠥᠩᠭᠦᠨ ᠭᠦᠶ᠋ᠯᠭᠡᠭᠡᠨ ᠤ ᠳᠡᠮᠵᠢᠯᠭᠡ᠂ ᠠᠵᠤ ᠦᠶ᠋ᠯᠡᠳᠪᠦᠷᠢ ᠶᠢᠨ ᠤᠰᠤ ᠠᠷᠪᠢᠯᠠᠬᠤ᠂ | ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠠᠶ᠃ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ | ᠪᠠᠭᠤᠷᠠᠭᠤᠯᠵᠤ᠂ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠨᠥᠬᠦᠴᠡᠯ ᠢ ᠲᠠᠰᠤᠷᠠᠯᠲᠠ ᠦᠭᠡᠢ | ᠰᠠᠶᠢᠵᠢᠷᠠᠭᠤᠯᠤᠨ᠎ᠠ᠃ | ᠭᠠᠳᠠᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠯᠥᠨ ᠤ ᠪᠤᠶᠢᠷ ᠤᠨ | ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ᠂ ᠮᠠᠨᠵᠤᠤᠷ ᠤᠨ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠭᠦᠨ ᠠᠭᠤᠰᠤᠯᠴᠠᠵᠤ᠂ | ᠣᠷᠣᠰ ᠤᠨ ᠡᠷᠭᠢᠨ ᠲᠣᠭᠤᠷᠢᠨ ᠤ ᠭᠠᠵᠠᠷ ᠣᠷᠣᠨ ᠤ ᠲᠥᠷᠥᠯ ᠵᠦᠶ᠋ᠯ ᠤᠨ ᠬᠠᠮᠲᠤᠷᠠᠯᠴᠠᠭᠠᠨ ᠤ ᠠᠬᠢᠴᠠ ᠶᠢ | ᠲᠦᠷᠭᠡᠳᠬᠡᠨ ᠠᠬᠢᠭᠤᠯᠤᠨ᠎ᠠ᠃ ᠭᠠᠳᠠᠭᠠᠳᠤ ᠲᠠᠢ ᠪᠣᠳᠠᠲᠤ ᠠᠵᠢᠯᠯᠠᠭ᠎ᠠ ᠶᠢ ᠡᠷᠬᠢᠮᠯᠡᠬᠦ ᠬᠠᠮᠲᠤᠷᠠᠯᠴᠠᠭ᠎ᠠ ᠪᠠᠨ | ᠲᠠᠰᠤᠷᠠᠯᠲᠠ ᠦᠭᠡᠢ ᠴᠢᠩᠭᠠᠳᠬᠠᠨ᠎ᠠ᠃ ᠵᠠᠯᠠᠶᠢᠨᠠᠭᠤᠷ ᠤᠨ ᠣᠯᠠᠨ ᠤᠯᠤᠰ ᠤᠨ ᠬᠤᠳᠠᠯᠳᠤᠭᠠᠨ ᠤ ᠡᠪᠯᠡᠯ ᠤᠨ | ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠳᠤᠮᠳᠠᠬᠢ ᠦᠶ᠋ᠯᠡᠳᠦᠯ ᠢ ᠪᠠᠳᠠᠷᠠᠭᠤᠯᠵᠤ᠂ ᠬᠢᠯᠢ ᠬᠢᠵᠠᠭᠠᠷ | ᠣᠷᠣᠨ ᠤ ᠠᠵᠤ ᠠᠬᠤᠶ ᠶᠢᠨ ᠶᠠᠷᠢᠯᠴᠠᠭᠠᠨ ᠤ ᠲᠠᠪᠴᠠᠩ ᠢ ᠬᠠᠪᠰᠤᠷᠤᠨ ᠰᠠᠶᠢᠲᠤᠷ ᠡᠷᠬᠢᠯᠡᠨ᠎ᠡ᠃ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠲᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠪᠡᠯᠡ ᠣᠷᠣᠭᠤᠯᠬᠤ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ | ᠪᠣᠯᠤᠨ ᠰᠠᠭᠤᠷᠢ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠰᠢᠨ᠎ᠡ ᠪᠠᠷ ᠪᠣᠢ ᠪᠣᠯᠤᠭᠰᠠᠨ ᠠᠵᠤ ᠦᠶ᠋ᠯᠡᠰ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠂ ᠠᠵᠤ ᠠᠬᠤᠶᠢᠯᠠᠯ ᠤᠨ ᠭᠤᠤᠯ | ᠴᠣᠭᠴᠠ ᠶᠢᠨ ᠦᠶ᠋ᠯᠡᠳᠦᠯ ᠢ ᠳᠣᠪᠤᠶᠢᠯᠭᠠᠵᠤ᠂ ᠠᠵᠤ ᠠᠬᠤᠶᠢᠯᠠᠯ ᠤᠨ ᠰᠤᠳᠤᠯᠤᠨ ᠦᠶ᠋ᠯᠡᠳᠴᠦ ᠨᠡᠭᠡᠭᠡᠨ | ᠬᠥᠭᠵᠢᠭᠦᠯᠬᠦ᠂ ᠣᠷᠣᠭᠤᠯᠤᠨ ᠠᠪᠴᠢᠷᠠᠵᠤ ᠨᠡᠭᠡᠭᠡᠨ ᠬᠥᠭᠵᠢᠭᠦᠯᠬᠦ᠂ ᠬᠠᠮᠲᠤᠷᠠᠨ ᠰᠢᠨ᠎ᠡ ᠮᠡᠷᠭᠡᠵᠢᠯ᠂ ᠰᠢᠨ᠎ᠡ | ᠦᠶ᠋ᠯᠡᠳᠬᠦᠨ ᠢ ᠨᠡᠭᠡᠭᠡᠨ ᠬᠥᠭᠵᠢᠭᠦᠯᠬᠦ ᠶᠢ ᠳᠠᠮᠵᠢᠨ᠎ᠠ᠃ ᠬᠢᠯᠢ ᠶᠢᠨ ᠪᠣᠭᠤᠮᠲᠠ ᠶᠢᠨ ᠣᠷᠣᠨ ᠪᠠᠶᠢᠷᠢ ᠶᠢᠨ | ᠳᠠᠪᠠᠭᠤᠯᠢᠭ ᠪᠠ ᠨᠡᠭᠦᠷᠡᠰᠦ ᠴᠠᠬᠢᠯᠭᠠᠨ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠭᠤᠣᠯ | ᠤᠳᠤᠷᠢᠳᠤᠯᠭ᠎ᠠ ᠮᠠᠩᠯᠠᠶᠢᠯᠠᠵᠤ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠤᠨ | ᠲᠤᠰᠬᠠᠢ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠰᠠᠯᠠᠭ᠎ᠠ ᠮᠥᠴᠢᠷ ᠬᠤᠯᠪᠣᠭᠠᠯᠠᠨ | ᠬᠤᠳᠠᠯᠳᠤᠭᠠᠴᠢᠨ ᠤᠷᠢᠬᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠦᠢᠯᠡᠴᠢᠯᠡᠵᠦ ᠬᠤᠳᠠᠯᠳᠤᠭᠠᠴᠢᠨ | ᠤᠷᠢᠬᠤ᠂ ᠪᠦᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ ᠠᠵᠢᠯ ᠳᠤ ᠠᠩᠬᠠᠷᠤᠯ ᠲᠠᠯᠪᠢᠬᠤ︾ | ᠬᠤᠳᠠᠯᠳᠤᠭᠠᠴᠢᠨ ᠤᠷᠢᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠡᠳ᠋ᠰᠢᠭᠦᠯᠦᠨ ᠦᠢᠯᠡᠳᠬᠦ᠂ ᠮᠣᠳᠣᠨ ᠪᠦᠲᠦᠭᠡᠭᠳᠡᠬᠦᠨ ᠡᠳ᠋ᠰᠢᠭᠦᠯᠬᠦ᠂ ᠭᠡᠷᠡᠯ ᠸᠣᠯᠲ᠂ | ᠡᠷᠡᠭᠦᠯᠵᠢᠯ ᠰᠤᠪᠢᠯᠠᠯᠲᠠ᠂ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠤᠨ | ᠲᠣᠭᠤᠷᠢᠨ ᠳᠤ᠂ ᠪᠡᠯᠡ ᠣᠷᠣᠭᠤᠯᠤᠯᠲᠠ ᠪᠠᠷ ᠶᠡᠭᠡ᠂ ᠦᠷ᠎ᠡ ᠠᠰᠢᠭ ᠢᠶᠠᠷ ᠰᠠᠶᠢᠨ ᠨᠢᠭᠡ ᠪᠦᠯᠦᠭ ᠲᠥᠷᠥᠯ ᠵᠦᠶ᠋ᠯ ᠢ | ᠣᠷᠣᠭᠤᠯᠵᠤ ᠢᠷᠡᠬᠦ ᠪᠠᠷ ᠴᠢᠷᠮᠠᠶᠢᠨ᠎ᠠ᠃ ᠲᠥᠷᠥᠯ ᠵᠦᠢᠯ ᠤᠨ ᠮᠥᠷᠳᠡᠯᠲᠡ ᠶᠢ ᠴᠢᠩᠭᠠᠳᠬᠠᠵᠤ᠂ ᠰᠠᠨᠠᠮᠵᠢ ᠲᠠᠢ | ᠲᠥᠷᠥᠯ ᠵᠦᠶ᠋ᠯ ᠳᠤ ᠲᠤᠰᠬᠠᠶ ᠬᠥᠮᠦᠨ ᠲᠣᠮᠢᠯᠠᠨ ᠵᠣᠯᠭᠠᠭᠤᠯᠵᠤ᠂ ᠪᠡᠯᠡ ᠣᠷᠣᠭᠤᠯᠵᠤ ᠭᠡᠷ᠎ᠡ ᠶᠢ ᠭᠦᠶ᠋ᠴᠡᠳᠬᠡᠭᠰᠡᠨ | ᠨᠣᠷᠮ᠎ᠠ᠂ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ᠂ ᠲᠥᠷᠥᠯ ᠵᠦᠶ᠋ᠯ ᠤᠨ ᠠᠵᠢᠯ ᠡᠬᠢᠯᠡ ᠭᠰᠡᠨ ᠨᠣᠷᠮ᠎ᠠ | ᠪᠣᠯᠤᠨ ᠠᠰᠢᠭᠯᠠᠯᠲᠠ ᠳᠤ ᠤᠷᠤᠭᠰᠠᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭᠠᠴᠢᠨ | ᠤᠷᠢᠬᠤ ᠶᠢ ᠨᠠᠩ ᠣᠨᠣᠪᠴᠢᠲᠠᠶ᠂ ᠨᠠᠩ ᠥᠨᠳᠥᠷ ᠪᠦᠲᠦᠮᠵᠢᠲᠡᠶ ᠪᠣᠯᠭᠠᠵᠤ᠂ ᠠᠵᠤ ᠠᠬᠤᠶᠢᠯᠠᠯ ᠤᠨ ᠡᠯᠰᠡᠬᠦ ᠶᠢ | ᠪᠠᠲᠤᠯᠠᠬᠤ ᠬᠡᠷᠡᠭᠲᠡᠶ᠃ | ︵ᠲᠠᠪᠤ︶ ᠠᠷᠠᠳ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠬᠠᠷᠢᠭᠤᠴᠠᠯᠭ᠎ᠠ ᠪᠠᠨ ᠭᠦᠢᠴᠡᠳᠬᠡᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠦᠷᠢᠮ ᠢ ᠲᠡᠭᠦᠯᠳᠡᠷᠵᠢᠭᠦᠯᠵᠦ᠂ | ᠬᠤᠷᠢᠭ᠎ᠠ ᠱᠤᠭᠤᠮ ᠢ ᠰᠠᠬᠢᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ | ᠬᠢᠨ᠎ᠡ᠃ | ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠦᠶ᠋ᠯᠡᠰ ᠪᠣᠰᠬᠠᠬᠤ ᠶᠢ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠠᠶ᠃ ᠦᠢᠯᠡᠰ ᠪᠣᠰᠬᠠᠵᠤ ᠠᠵᠢᠯ ᠣᠯᠭᠤᠬᠤ ᠲᠠᠪᠴᠠᠩ ᠢ | ᠪᠠᠶᠢᠭᠤᠯᠵᠤ᠂ ᠬᠤᠲᠠ ᠪᠠᠯᠭᠠᠰᠤᠨ ᠤ 1800 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠬᠤ ᠶᠢ ᠪᠠᠲᠤᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠰᠠᠶᠢᠲᠤᠷ ᠬᠢᠵᠦ᠂ ᠠᠪᠤᠷᠠᠨ ᠲᠤᠰᠠᠯᠠᠬᠤ ᠬᠢᠷᠢ | ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠨᠠᠰᠤᠵᠢᠯ ᠤᠨ | ᠪᠠᠶᠢᠭᠤᠯᠤᠮᠵᠢ ᠶᠢᠨ ᠨᠥᠬᠦᠪᠥᠷᠢ ᠶᠢ ᠨᠠᠶᠢᠳᠠᠪᠤᠷᠢᠭᠤᠯᠵᠤ᠂ ᠣᠳᠣ ᠶᠢᠨ ᠪᠠᠶᠢᠭ᠎ᠠ ᠨᠠᠰᠤᠵᠢᠯ ᠤᠨ ᠪᠠᠶᠢᠭᠤᠯᠤᠮᠵᠢ ᠶᠢᠨ | ᠡᠷᠡᠭᠦᠯ ᠢᠶᠠᠷ ᠬᠥᠭᠵᠢᠬᠦ ᠶᠢ ᠲᠡᠳᠬᠦᠨ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠦᠶ᠋ᠯᠡᠰ ᠲᠤ ᠠᠷᠠᠳ ᠤᠨ | ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠎ᠠ᠃ | ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠡᠳᠬᠢᠯ ᠬᠠᠩᠭᠠᠮᠵᠢᠲᠠᠶ ᠰᠤᠷᠭᠠᠨ ᠬᠥᠮᠦᠵᠢᠯ ᠢ | ᠴᠢᠷᠮᠠᠶᠢᠨ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠬᠡᠪ ᠴᠢᠨᠠᠷ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠰᠤᠷᠭᠠᠭᠤᠯᠢ ᠶᠢᠨ | ᠥᠭᠡᠷᠡᠴᠢᠯᠡᠯᠲᠡ ᠶᠢ ᠠᠬᠢᠭᠤᠯᠵᠤ᠂ ᠬᠠᠶ ᠯᠢᠶᠠᠨ ᠪᠠᠭ᠎ᠠ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ ᠢ | ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ | ᠬᠡᠤᠬᠡᠳ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠠᠭᠰᠢ ᠶᠢᠨ ᠬᠦᠴᠦᠨ ᠢ ᠦᠷᠭᠦᠯᠵᠢᠯᠡᠨ | ᠲᠡᠭᠦᠯᠳᠡᠷᠵᠢᠭᠦᠯᠵᠦ᠂ ᠪᠠᠭᠰᠢ ᠶᠢᠨ ᠵᠢᠭᠠᠨ ᠰᠤᠷᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠭᠤᠯᠵᠤ᠂ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ ᠪᠣᠯᠤᠨ ᠵᠡᠮᠳᠡᠭ ᠰᠤᠷᠤᠭᠴᠢᠳ ᠢ ᠵᠣᠭᠤᠰ ᠢᠶᠠᠷ ᠲᠤᠰᠠᠯᠠᠬᠤ | ᠡᠷᠴᠢᠮ ᠢ ᠴᠢᠩᠭᠠᠷᠠᠭᠤᠯᠤᠨ᠎ᠠ᠃ ︽ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ︾ ᠶᠢᠨ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ | ᠲᠦᠪᠰᠢᠨ᠂ ᠡᠷᠡᠭᠦᠯ ᠴᠢᠭᠢᠷᠠᠭ᠂ ᠲᠠᠭᠠᠯᠠᠮᠵᠢᠲᠠᠶ ᠰᠤᠷᠤᠯᠴᠠᠬᠤ ᠣᠷᠴᠢᠨ ᠲᠣᠭᠤᠷᠢᠨ ᠢ ᠬᠠᠩᠭᠠᠨ᠎ᠠ᠃ ︽ᠡᠷᠡᠭᠦᠯ | ᠡᠩᠬᠡ ᠵᠠᠯᠠᠶᠢᠨᠠᠭᠤᠷ︾ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠶ᠋ᠯᠡᠴᠢᠯᠡᠭᠡ ᠶᠢ ᠳᠡᠯᠭᠡᠷᠡᠭᠦᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ ᠤᠨ ᠡᠪᠡᠳᠴᠢᠲᠡᠨ ᠤ ᠥᠷᠥᠭᠡ ᠶᠢ ᠡᠬᠢᠯᠡᠨ ᠪᠠᠶᠢᠭᠤᠯᠵᠤ᠂ ᠤᠤᠯ ᠤᠨ ︽ᠨᠢᠭᠡ ᠡᠭᠦᠳᠡᠨ ᠡᠮᠨᠡᠯᠭᠡ︾ | ᠶᠢ ᠪᠦᠬᠦ ᠲᠠᠯ᠎ᠠ ᠪᠠᠷ ᠰᠠᠶᠢᠲᠤᠷ ᠠᠰᠢᠭᠯᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠣᠯᠠᠨ ᠤ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠶᠢ | ᠬᠠᠩᠭᠠᠨ᠎ᠠ᠃ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠡᠷ ᠣᠷᠣᠨ ᠤ | ᠢᠯᠡ ᠲᠥᠯᠥᠪᠯᠡᠭᠡ︾ ᠶᠢ ᠬᠡᠷᠡᠭᠵᠢᠭᠦᠯᠵᠦ᠂ ᠵᠡᠮᠳᠡᠭᠴᠦᠳ ᠤᠨ ᠭᠡᠷ ᠪᠦᠯᠢ ᠳᠤ ᠨᠠᠶᠢᠳᠠᠨ ᠠᠰᠠᠷᠠᠭᠤᠯᠬᠤ | ᠦᠶ᠋ᠯᠡᠴᠢᠯᠡᠭᠡᠨ ᠢ ᠶᠠᠪᠤᠭᠤᠯᠬᠤ ᠬᠡᠷᠡᠭᠲᠡᠶ᠃ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ︽ᠶᠠᠳᠠᠭᠤ ᠬᠦᠴᠢᠷᠳᠡᠯᠲᠡᠶ ᠡᠮᠡᠭᠲᠡᠶᠢᠴᠦᠳ ᠢ ᠲᠦᠷ ᠴᠠᠭ ᠠᠪᠤᠷᠠᠨ ᠲᠤᠰᠠᠯᠠᠬᠤ ᠮᠥᠩᠭᠦ︾ ᠶᠢ | ᠰᠠᠶᠢᠲᠤᠷ ᠬᠡᠷᠡᠭᠯᠡᠨ᠎ᠡ᠃ ᠨᠡᠶᠢᠭᠡᠮ ᠲᠣᠭᠤᠷᠢᠭ ᠤᠨ ᠦᠶ᠋ᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ ᠨᠡᠶᠢᠭᠡᠮ | ᠲᠣᠭᠤᠷᠢᠭ ᠤᠨ ᠠᠵᠢᠯ ᠳᠤ ᠬᠡᠷᠡᠭᠯᠡᠬᠦ ᠭᠡᠷ ᠪᠠᠶᠢᠰᠢᠩ ᠪᠣᠯᠤᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠯᠠᠪᠤᠷ | ᠭᠠᠵᠠᠷ ᠢ ᠲᠦᠷᠭᠡᠳᠬᠡᠨ ᠥᠭᠡᠷᠡᠴᠢᠯᠡᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠶ᠋ᠯᠡᠴᠢᠯᠡᠭᠡ ᠶᠢ | ᠴᠢᠩᠭᠠᠳᠬᠠᠵᠤ᠂ ᠲᠦᠭᠡᠮᠡᠯ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ ︽ᠠᠮᠤᠷ ᠠᠮᠤᠭᠤᠯᠠᠩ | ᠵᠠᠯᠠᠶᠢᠨᠠᠭᠤᠷ︾ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ | ᠲᠤᠰᠬᠠᠶ ᠲᠡᠮᠡᠴᠡᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠤᠨ᠎ᠠ᠃ ︽ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ ᠨᠠᠢᠳᠠᠪᠤᠷᠢᠵᠢᠭᠤᠯᠬᠤ᠂ ᠬᠠᠤᠯᠢ | ᠪᠤᠰᠤ ᠪᠠᠷ ᠠᠵᠢᠯᠴᠢᠨ ᠬᠡᠷᠡᠭᠯᠡᠬᠦ᠂ ᠬᠠᠤᠯᠢ ᠪᠤᠰᠤ ᠪᠠᠷ ᠴᠠᠯᠢᠩ ᠠᠪᠬᠤ᠂ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠥᠷᠢᠲᠦᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠬᠦ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠨᠡᠶᠢᠭᠡᠮ ᠤᠨ | ᠵᠥᠷᠢᠴᠡᠯ ᠢ ᠠᠷᠢᠯᠭᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ | ᠭᠤᠤᠯᠳᠠᠯᠭ᠎ᠠ ᠲᠠᠢ ᠬᠠᠮᠲᠤᠯᠢᠭ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠶ᠋ᠳᠪᠦᠷᠢᠯᠡᠬᠦ ᠡᠷᠴᠢᠮ ᠢ | ᠴᠢᠩᠭᠠᠷᠠᠭᠤᠯᠪᠠ᠃ ᠢᠳᠡᠭᠡᠨ ᠤ ᠵᠦᠶ᠋ᠯ ᠡᠮ ᠤᠨ ᠵᠦᠶ᠋ᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠣᠯᠠᠨ ᠲᠦᠮᠡᠨ ᠢ ᠨᠠᠩ ᠰᠠᠨᠠᠭ᠎ᠠ ᠠᠮᠤᠷ ᠢᠳᠡᠵᠦ᠂ ᠡᠮ ᠬᠡᠷᠡᠭᠯᠡᠬᠦ ᠳᠤ ᠨᠠᠩ ᠠᠮᠤᠷ ᠲᠦᠪᠰᠢᠨ | ᠪᠣᠯᠭᠠᠨ᠎ᠠ᠃ ᠠᠶᠤᠯ ᠦᠭᠡᠢ ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠦᠶᠡᠷ ᠢ | ᠰᠡᠷᠭᠡᠶᠢᠯᠡᠵᠦ ᠭᠠᠩ ᠬᠠᠮᠰᠢᠭ ᠢ ᠡᠰᠡᠷᠭᠦᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠴᠢᠩᠭᠠᠳᠬᠠᠵᠤ᠂ ᠠᠭᠤᠷᠬᠠᠶ᠂ ᠭᠠᠯ ᠤᠨᠲᠠᠷᠠᠭᠠᠬᠤ᠂ ᠠᠶᠤᠯ ᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ | ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ︽ᠳᠠᠪᠬᠤᠷ ᠰᠡᠷᠭᠡᠶᠢᠯᠡᠬᠦ︾ ᠠᠷᠭ᠎ᠠ ᠬᠡᠮᠵᠢᠶ ᠡ ᠶᠢ | ᠨᠠᠶᠢᠳᠠᠪᠤᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠵᠤ᠂ ︽ | ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ | ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ | ᠲᠤᠰᠢᠶᠠᠯ ᠢᠶᠠᠨ ᠭᠦᠶ᠋ᠴᠡᠳᠬᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ | ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶ ᠡᠵᠦ᠂ | ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ | ᠵᠠᠰᠠᠬᠤ ᠴᠢᠳᠠᠪᠤᠷᠢ ᠪᠣᠯᠤᠨ ᠵᠠᠰᠠᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮ | ᠠ ᠳᠤ ᠲᠠᠭᠠᠰᠢᠶᠠᠭᠳᠠᠭᠰᠠᠨ ᠵᠠᠰᠠᠭ ᠣᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠥᠪ ᠴᠢᠭᠯᠡᠯ ᠢ ᠪᠠᠲᠤ ᠡᠵᠡᠮᠳᠡᠨ᠎ᠡ᠃ ᠪᠢᠳᠡ ᠤᠯᠤᠰ | ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠢᠮᠠᠭᠲᠠ ᠴᠢᠩᠭᠠᠯᠠᠬᠤ ᠬᠡᠷᠡᠭᠲᠡᠶ᠃ | ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠ ᠭᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠭᠤᠣᠯ ᠰᠡᠳᠦᠪᠲᠦ | ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ | ᠂ ᠤᠭ ᠰᠠᠨᠠᠭ᠎ᠠ ᠡᠭᠦᠷᠭᠡ ᠬᠠᠷᠢ ᠭᠤᠴᠠᠯᠭᠠ ᠶᠢ ᠢᠮᠠᠭᠲᠠ ᠦᠢᠯᠡᠳᠦᠯᠭᠡᠵᠢᠭᠦᠯᠦᠨ᠎ᠡ᠃ ᠨᠠᠮ ᠤᠨ ᠤᠳᠤᠷᠢᠳᠤᠯᠭ᠎ᠠ ᠶᠢ | ᠵᠠᠰᠠᠭ ᠣᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮ ᠲᠠᠯᠠᠵᠤ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤ ᠯᠲᠠ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶ | ᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠵᠠ | ᠰᠠᠭ ᠤᠨ ᠣᠷᠳᠣᠨ ᠤ ᠰᠢᠶ᠋ᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠬᠡᠷᠡᠭᠵᠢᠭᠦᠯᠦᠨ᠎ᠡ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠨᠠᠮ ᠢᠶᠠᠨ | ᠬᠠᠶᠢᠷᠠᠯᠠᠬᠤ ᠤᠯᠤᠰ ᠢᠶᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦ ᠵᠢᠯ ᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠵᠦ᠂ ︽ᠮᠣᠷᠠᠯ ᠰᠠᠶᠢᠲᠠᠶ᠂ ᠠᠭᠤᠰᠤᠯᠴᠠᠭᠰᠠᠨ᠂ | ᠰᠢᠨ᠎ᠡ ᠶᠢ ᠡᠭᠦᠳᠬᠦ᠂ ᠬᠦᠴᠦᠷᠬᠡᠭᠵᠢᠬᠦ︾ ᠬᠤᠲᠠ ᠶᠢᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠭᠤᠤᠯ ᠬᠥᠭ ᠠᠶᠠᠰ ᠢ ᠴᠤᠤᠷᠢᠶᠠᠲᠤᠭᠤᠯᠵᠠᠶ᠃ ᠡᠶᠡᠷᠡᠬᠦ ᠡᠨᠧᠷᠭᠢ ᠶᠢ | ᠨᠢᠭᠲᠠᠷᠠᠭᠤᠯᠤᠨ᠎ᠠ᠃ | ᠡᠷᠬᠡ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠳᠦᠷᠢᠮ ᠣᠨ ᠪᠠᠶᠢᠭᠤᠯᠤᠯᠲᠠ ᠶᠢ | ᠲᠡᠭᠦᠯᠳᠡᠷᠵᠢ ᠭᠦᠯᠵᠦ᠂ ᠵᠠᠰᠠᠯᠲᠠ ᠶᠢᠨ ᠰᠢᠰᠲ᠋ᠧᠮ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠠᠤ ᠯᠢ ᠪᠠᠷ ᠵᠠᠰᠠᠬᠤ ᠣᠶᠢᠯᠠᠭᠠᠭᠳᠠᠬᠤᠨ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠵᠠᠰᠠᠭ ᠤᠨ ᠣᠷᠳᠣᠨ ᠤ ᠠᠵᠢᠯ ᠤ ᠨ᠊ ᠪᠦᠬᠦ ᠶᠠᠪᠤᠴᠠ ᠳᠤ ᠲᠤᠤᠱᠯᠠᠭᠤᠯᠤᠨ᠎ᠠ᠃ ᠬᠠᠤᠯᠢ ᠳᠤ ᠲᠣᠭᠲᠠᠭᠠᠭᠰᠠᠨ | ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡ ᠷᠡᠭᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠣᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠲᠥᠪ ᠭᠤᠣᠯᠴᠢ ᠪᠣᠯᠪᠠᠰᠤᠨ ᠢᠶᠠᠷ | ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠵᠢᠯ ᠢ ᠴᠢᠩᠭᠠᠳᠬᠠᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠰᠢᠶ᠋ᠳᠪᠦᠷᠢᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠎ᠡ᠃ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯ ᠢᠶᠡᠵᠦ᠂ | ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠨᠠᠢᠳᠠᠪᠤᠷᠢᠵᠢᠭᠤᠯᠬᠤ᠂ | ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠬᠠᠤᠯᠢ ᠶᠣᠰᠣᠭᠠᠷ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠲᠣ | ᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠶ᠋ᠳᠪᠦᠷᠢᠲᠦ ᠪᠤᠳᠤᠯᠭ᠎ᠠ ᠲᠣᠭᠲᠠᠭᠠᠬᠤ | ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠢ ᠪᠠᠶᠢᠭᠤᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠲᠦᠷᠢᠮ ᠢ ᠲᠡᠭᠦᠯᠳᠡᠷᠵᠢᠭᠦᠯᠵᠦ᠂ ᠠᠷᠠᠳ ᠤᠨ ᠡᠶᠡᠳᠡᠭᠦ ᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ | ᠂ ᠵᠠᠬᠢᠳᠠᠯ ᠰᠤᠷᠪᠤᠯᠵᠢᠯᠠᠭ᠎ᠠ ᠶᠢ ᠳᠡᠰ ᠳᠠᠷᠠᠭ᠎ᠠ ᠴᠢᠯᠠᠬᠤ᠂ ᠳᠦᠷᠢᠮᠵᠢᠭᠦᠯᠬᠦ᠂ ᠬᠠᠤᠯᠢᠵᠢᠭᠤᠯᠬᠤ ᠶᠢ ᠲᠦᠯᠬᠢᠨ | ᠠᠬᠢᠭᠤᠯᠤᠨ᠎ᠠ᠃ | ᠥᠨᠳᠥᠷ ᠪᠦᠲᠦᠮᠵᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠣᠳᠠᠲᠤ ᠦᠷ᠎ᠡ | ᠪᠦᠲᠦᠮᠵᠢ ᠶᠢ ᠴᠢᠩᠭ᠎ᠠ ᠠᠳᠬᠤᠨ᠎ᠠ᠃ ᠪᠢᠳᠡ ᠪᠠᠶᠢᠭᠤᠯᠭ᠎ᠠ ᠶᠢᠨ ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠪᠠᠶᠢᠭᠤᠯᠭ᠎ᠠ ᠶᠢᠨ ᠰᠤᠷᠲᠠᠯ ᠤᠨ ᠴᠡᠭᠴᠡᠯᠡᠯᠲᠡ ᠶᠢ ᠥᠷᠨᠢᠭᠦᠯᠵᠦ᠂ ᠠᠵᠢᠯ ᠤᠨ | ᠴᠤᠪᠤᠷᠠᠯ ᠢ ᠳᠥᠭᠦᠮᠴᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠯᠠᠭᠠᠨ ᠤ ᠬᠤᠷᠳᠤᠴᠠ ᠪᠠᠨ | ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠤᠷᠠᠯ ᠤᠨ | ᠰᠤᠷᠲᠠᠯ ᠵᠣᠬᠢᠶᠠᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ | ᠬᠤᠷᠠᠯ᠂ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠎ᠠ᠃ ᠠᠵᠢᠯ ᠤᠨ | ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠮᠡᠳᠡᠯᠭᠡ ᠶᠢᠨ ᠳᠡᠰ ᠳᠠᠪᠬᠤᠷᠭ᠎ᠠ ᠪᠣᠯᠤᠨ ᠰᠡᠳᠬᠢᠴᠡ ᠶᠢᠨ | ᠠᠷᠭ᠎ᠠ ᠮᠠᠶ᠋ᠢᠭ ᠢᠶᠠᠨ ᠰᠢᠨᠡᠴᠢᠯᠡᠬᠦ ᠶᠢ ᠴᠢᠬᠤᠯᠠᠴᠢᠯᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠣᠳᠠᠲᠤ ᠪᠠᠶᠢᠳᠠᠯ ᠢ | ᠪᠠᠶᠢᠴᠠᠭᠠᠨ ᠰᠢᠨᠵᠢᠵᠦ᠂ ᠠᠷᠠᠳ ᠤᠨ ᠵᠣᠪᠠᠨᠢᠯ ᠢ ᠡᠭᠦᠰᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ | ᠰᠢᠢᠳᠪᠦᠷᠢᠲᠦ ᠪᠣᠳᠣᠯᠭ᠎ᠠ ᠶᠢᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠦᠨᠡᠨ ᠬᠦ | ᠠᠳᠬᠤᠬᠤ ᠡᠷᠴᠢ ᠵᠣᠷᠢᠭ᠂ ᠵᠣᠷᠢᠭᠲᠠᠶ ᠠᠳᠬᠤᠬᠤ ᠬᠠᠲᠠᠭᠤ ᠵᠣᠷᠢᠭ᠂ ᠴᠢᠳᠠᠮᠠᠭᠠᠶ ᠠᠳᠬᠤᠬᠤ ᠤᠷᠠᠨ ᠤᠷ᠎ᠠ | ᠵᠣᠷᠢᠭ᠂ ᠪᠠᠶᠢᠩᠭᠤ ᠠᠳᠬᠤᠬᠤ ᠬᠠᠳᠠᠨ ᠵᠣᠷᠢᠭ ᠢ ᠢᠮᠠᠭᠲᠠ ᠪᠠᠷᠢᠮᠲᠠᠯᠠᠵᠤ᠂ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠯ᠎ᠡ ᠵᠦᠢᠯ ᠤᠨ ᠲᠤᠬᠢᠷᠠᠭᠤᠯᠤᠯᠲᠠ ᠪᠠᠶᠢᠷᠢᠯᠠᠭᠤᠯᠤᠯᠲᠠ ᠪᠠ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠯᠠᠪᠳᠠᠭᠤᠨ ᠪᠠᠲᠤᠲᠠᠢ ᠪᠠᠷ ᠪᠣᠳᠠᠲᠠᠢ ᠳᠤ | ᠨᠠᠶᠢᠳᠠᠪᠤᠷᠢᠵᠢᠭᠤᠯᠤᠨ᠎ᠠ᠃ ᠵᠣᠷᠢᠭᠲᠠᠶ ᠰᠡᠳᠬᠢᠵᠦ ᠵᠣᠷᠢᠭᠲᠠᠶ ᠠᠵᠢᠯᠯᠠᠬᠤ᠂ ᠵᠣᠷᠢᠭᠲᠠᠶ ᠪᠠᠷ ᠰᠢᠪᠲᠤᠯᠵᠤ ᠵᠣᠷᠢᠭᠲᠠᠶ | ᠲᠡᠮᠡᠴᠡᠬᠦ ᠺᠠᠳ᠋ᠷ ᠢ ᠶᠡᠬᠡᠪᠡᠷ ᠰᠠᠶᠢᠰᠢᠶᠠᠨ ᠬᠥᠬᠢᠭᠦᠯᠵᠦ᠂ ᠪᠣᠳᠠᠲᠠᠶ ᠠᠵᠢᠯᠯᠠᠬᠤ ᠶᠢ ᠡᠷᠬᠢᠮᠯᠡᠬᠦ᠂ ᠬᠠᠷᠢᠭᠤᠴᠠᠯᠭ᠎ᠠ | ᠡᠭᠦᠷᠭᠡᠯᠡᠬᠦ ᠶᠢ ᠳᠠᠶᠢᠴᠢᠯᠠᠬᠤ᠂ ᠲᠦᠰᠢᠭ ᠲᠤᠯᠭᠠᠭᠤᠷᠢᠯᠠᠵᠤ ᠡᠷᠴᠢ ᠵᠣᠷᠢᠭ ᠢᠶᠠᠨ ᠬᠥᠪᠴᠢᠯᠡᠬᠦ ᠠᠷᠭ᠎ᠠ ᠬᠡᠮᠵᠢᠶ᠎ᠡ | ᠭᠠᠷᠭᠠᠪᠠ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ | ᠪᠢᠳᠡ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ ᠲᠥᠪ ᠬᠤᠷᠢᠶᠠᠨ ᠤ ᠨᠠᠶ᠋ᠮᠠᠨ | ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ᠎ᠠ᠃ ᠱᠠᠯᠢᠨ ᠪᠦᠷᠢᠯᠭᠡᠬᠦ ᠶᠢ | ᠶᠡᠬᠡᠪᠡᠷ ᠰᠠᠨᠠᠭᠠᠴᠢᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠪᠠᠭᠠᠰᠬᠠᠵᠤ᠂ ᠡᠩ ᠤᠨ ᠴᠢᠨᠠᠷᠲᠠᠶ | ᠵᠠᠷᠤᠯᠭ᠎ᠠ ᠶᠢ ᠪᠠᠭᠠᠰᠬᠠᠵᠤ᠂ ᠬᠢᠵᠠᠭᠠᠷ ᠲᠠᠢ ᠪᠡᠯᠡ ᠮᠥᠩᠭᠦ ᠶᠢ ᠦᠨᠡᠨ ᠬᠦ ᠵᠠᠩᠭᠢᠯᠠᠭ᠎ᠠ ᠳᠤ ᠬᠡᠷᠡᠭᠯᠡᠨ᠎ᠡ᠃ ᠤᠯᠤᠰ | ᠲᠥᠷᠥ ᠶᠢᠨ ᠴᠠᠭᠳᠠᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠤ | ᠬᠢᠨᠠᠯᠲᠠ ᠲᠠᠯᠪᠢᠬᠤ ᠶᠢ ᠳᠠᠮᠵᠢᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ | ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠬᠠᠳᠬᠠᠵᠤ᠂ ᠣᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠢᠩᠬ᠎ᠠ ᠪᠠᠶᠢᠴᠠᠭᠠᠨ ᠰᠢᠶ᠋ᠳᠪᠦᠷᠢᠯᠡᠵᠡᠶ᠃ | ᠲᠥᠯᠥᠭᠡᠯᠡᠭᠴᠢᠳ ᠡ᠂ ᠵᠠᠯᠠᠶᠢᠨᠠᠭᠤᠷ ᠶᠠᠭ ᠠᠵᠤ ᠠᠬᠤᠢ ᠶᠢᠨ ᠬᠡᠯᠪᠡᠷᠢ ᠬᠤᠪᠢᠷᠠᠬᠤ ᠬᠤᠭᠤᠴᠠᠭ᠎ᠠ ᠪᠠ | ᠣᠯᠳᠠᠬᠤᠶ᠎ᠠ ᠪᠡᠷᠬᠡ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠢᠨ᠎ᠠ᠃ ᠬᠡᠳᠦᠢ ᠪᠤᠳᠤᠯᠢᠶᠠᠨᠲᠠᠢ ᠪᠣᠯᠬᠤ ᠳᠤᠳᠤᠮ | ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠬᠦᠴᠦᠨ ᠴᠢᠳᠠᠯ ᠢᠶᠠᠨ ᠤᠯᠠᠮ ᠨᠢᠭᠲᠠᠷᠠᠭᠤᠯᠬᠤ ᠬᠡᠷᠡᠭᠲᠡᠢ︔ ᠬᠡᠳᠦᠢ | ᠬᠦᠴᠢᠷ ᠪᠡᠷᠬᠡᠰᠢᠶᠡᠯ ᠲᠠᠢ ᠦᠶ᠎ᠡ ᠳᠤ ᠲᠡᠳᠦᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠵᠣᠷᠢᠭᠲᠠᠢ ᠬᠢᠵᠦ ᠪᠣᠳᠠᠲᠠᠢ ᠠᠵᠢᠯᠯᠠᠬᠤ ᠬᠡᠷᠡᠭᠲᠡᠢ᠃ ᠪᠢᠳᠡ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠠᠷᠠᠳ ᠲᠦᠮᠡᠨ ᠳᠤ ᠠᠰᠢᠭ ᠬᠦᠷᠲᠡᠭᠡᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠠᠯᠢ ᠴᠢᠳᠠᠬᠤ ᠪᠠᠷ ᠢᠯᠡᠭᠦᠬᠡᠨ ᠬᠢᠵᠦ᠂ ᠰᠠᠭᠤᠷᠢ ᠲᠠᠯᠪᠢᠬᠤ | ᠂ ᠠᠯᠤᠰ ᠬᠡᠳᠦ ᠳᠤ ᠠᠰᠢᠭᠲᠠᠶ ᠶᠠᠪᠤᠳᠠᠯ ᠢ ᠢᠯᠡᠭᠦᠬᠡᠨ ᠬᠢᠵᠦ᠂ ᠠᠷᠠᠳ ᠤᠨ ᠬᠦᠰᠡᠯ ᠢ ᠬᠥᠰᠡᠷᠳᠡᠭᠦᠯᠬᠦ ᠦᠭᠡᠢ᠃ | ᠲᠥᠯᠥᠭᠡᠯᠡᠭᠴᠢᠳ ᠡ᠂ ᠴᠢᠷᠮᠠᠶᠢᠨ ᠲᠡᠮᠡᠴᠡᠵᠦ ᠲᠡᠦᠬᠡ ᠶᠢ ᠪᠦᠲᠦᠭᠡᠵᠦ᠂ ᠪᠣᠳᠠᠲᠠᠢ ᠠᠵᠢᠯᠯᠠᠵᠤ ᠢᠷᠡᠭᠡᠳᠦᠢ ᠪᠠᠨ | ᠪᠦᠲᠦᠭᠡᠨ᠎ᠡ᠃ ᠰᠢᠨ᠎ᠡ ᠲᠡᠦᠬᠡᠨ ᠭᠠᠷᠤᠭ᠎ᠠ ᠳᠡᠭᠡᠷ᠎ᠡ ᠵᠣᠭᠰᠣᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ ᠠᠶᠠᠨ ᠵᠠᠮ ᠳᠠᠭᠠᠨ ᠳᠠᠬᠢᠨ ᠮᠣᠷᠳᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠢᠨ᠎ᠡ ᠬᠠᠭᠤᠳᠠᠰᠤ ᠶᠢ ᠪᠢᠴᠢᠭᠯᠡᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠲᠦᠷᠭᠡᠨ ᠤᠷᠤᠭᠰᠢᠯᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠵᠠᠯᠠᠶᠢᠨᠠᠭᠤᠷ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ︕ | |