ᠲᠡᠷᠭᠡᠨ ᠡᠭᠦᠳᠡ ᠪᠠᠨ ᠨᠡᠭᠡᠭᠡᠬᠦ ᠦᠶ᠎ᠡ ᠳᠤ ᠠᠳᠡᠯ ᠭᠠᠷᠭᠠᠪᠠᠯ ᠵᠢᠯᠣᠭᠤᠴᠢ ᠬᠠᠷᠢᠭᠤᠴᠠᠯᠭ᠎ᠠ ᠡᠭᠦᠷᠭᠡᠯᠡᠨ᠎ᠠ
ᠨᠡᠶᠢᠲᠡᠯᠡᠭᠰᠡᠨ ᠴᠠᠭ᠄
2020/8/20
ᠬᠡᠷᠡᠭ ᠤᠨ ᠵᠢᠱᠢᠶ᠎ᠠ      ᠲᠦᠷᠦᠭᠦᠬᠡᠨ᠂ ᠰᠢᠯᠢᠩᠬᠤᠲᠠ ᠶᠢᠨ ᠠᠷᠠᠳ ᠤᠨ ᠰᠢᠭᠦᠬᠦ ᠬᠤᠷᠢᠶ᠎ᠠ ᠶᠢᠨ ᠵᠠᠮ ᠬᠠᠷᠢᠯᠴᠠᠭᠠᠨ ᠤ ᠰᠢᠭᠦᠬᠦ ᠲᠢᠩᠬᠢᠮ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠵᠢᠭᠤᠷᠠᠭᠠᠨ ᠤ ᠬᠡᠷᠡᠭ ᠢ ᠰᠢᠭᠦᠪᠡ᠃      2020 ᠣᠨ ᠤ 4 ᠰᠠᠷ᠎ᠠ ᠶᠢᠨ 11 ᠤ ᠡᠳᠦᠷ᠂ ᠵᠠᠭᠠᠯᠳᠤᠭᠳᠠᠭᠴᠢ ᠳ᠋ᠤᠸᠠᠨ ᠣᠪᠣᠭᠲᠤ ᠮᠠᠰᠢᠨ ᠲᠡᠷᠭᠡ ᠪᠠᠨ ᠵᠢᠯᠣᠭᠤᠳᠴᠤ ᠵᠠᠮ ᠤᠨ ᠪᠠᠷᠠᠭᠤᠨ ᠲᠠᠯ᠎ᠠ ᠶᠢᠨ ᠮᠠᠰᠢᠨ ᠲᠡᠷᠭᠡᠨ ᠤ ᠪᠤᠰᠤ ᠵᠠᠮ ᠳᠤ ᠲᠦᠷ ᠵᠣᠭᠰᠣᠭᠠᠪᠠ᠃ ᠲᠡᠷᠡ ᠲᠡᠷᠭᠡᠨ ᠡᠭᠦᠳᠡ ᠪᠠᠨ ᠨᠡᠭᠡᠭᠡᠭᠦ ᠲᠠᠢ ᠵᠡᠷᠭᠡ ᠴᠠᠬᠢᠯᠭᠠᠨ ᠬᠥᠳᠡᠯᠭᠡᠭᠦᠷᠲᠦ ᠲᠡᠷᠭᠡ ᠤᠨᠤᠭᠰᠠᠨ ᠵᠠᠭᠠᠯᠳᠤᠭᠴᠢ ᠴᠢ ᠣᠪᠣᠭᠲᠤ ᠲᠡᠷᠭᠡᠨ ᠡᠭᠦᠳᠡ ᠶᠢ ᠨᠢ ᠮᠦᠷᠭᠦᠨ ᠤᠢᠢᠴᠢᠵᠤ᠂ ᠪᠠᠷᠠᠭᠤᠨ ᠭᠠᠷ ᠤᠨ ᠡᠷᠡᠬᠡᠢ ᠬᠤᠷᠤᠭᠤᠨ ᠤ ᠬᠢᠨᠢ ᠡᠴᠦᠰ ᠤᠨ ᠦᠶ᠎ᠡ ᠶᠢᠨ ᠶᠠᠰᠤ ᠨᠢ ᠬᠤᠭᠤᠷᠠᠭᠰᠠᠨ ᠪᠠᠶᠢᠨ᠎ᠠ᠃ ᠰᠢᠯᠢᠩᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠵᠠᠭᠠᠯᠳᠤᠭᠳᠠᠭᠴᠢ ᠳ᠋ᠤᠸᠠᠨ ᠣᠪᠣᠭᠲᠤ ᠲᠣᠰ ᠠᠳᠡᠯ ᠤᠨ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ ᠭᠡᠵᠤ ᠮᠠᠭᠠᠳᠯᠠᠨ ᠲᠤᠭᠲᠠᠭᠠᠪᠠ᠃ ᠵᠠᠭᠠᠯᠳᠤᠭᠴᠢ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠲᠥᠯᠥᠭᠡ ᠰᠢᠭᠦᠬᠦ ᠬᠤᠷᠢᠶᠠᠨ ᠳᠤ ᠵᠠᠭᠠᠯᠳᠤᠵᠤ᠂ ᠡᠮᠨᠡᠯᠭᠡ ᠶᠢᠨ ᠵᠠᠷᠤᠳᠠᠯ᠂ ᠡᠮᠨᠡᠯᠭᠡ ᠳᠤ ᠰᠠᠭᠤᠭᠰᠠᠨ ᠵᠠᠷᠤᠳᠠᠯ᠂ ᠬᠤᠭᠤᠯᠠᠨ ᠤ ᠵᠠᠷᠤᠳᠠᠯ᠂ ᠰᠢᠮ᠎ᠡ ᠲᠡᠵᠢᠭᠡᠯ ᠤᠨ ᠵᠠᠷᠤᠳᠠᠯ᠂ ᠰᠤᠪᠢᠯᠠᠯᠲᠠ ᠶᠢᠨ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ᠂ ᠵᠠᠯᠭᠠᠮᠵᠢ ᠡᠮᠴᠢᠯᠡᠭᠡᠨ ᠤ ᠵᠠᠷᠤᠳᠠᠯ ᠵᠡᠷᠭᠡ ᠨᠡᠶᠢᠳᠡ 18529.74 ᠲᠥᠭᠦᠷᠢᠭ ᠢ ᠵᠠᠭᠠᠯᠳᠤᠭᠳᠠᠭᠴᠢ ᠪᠠᠷ ᠲᠦᠯᠦᠬᠦᠯᠬᠦ ᠪᠠᠷ ᠱᠠᠭᠠᠷᠳᠠᠵᠠᠶ᠃ ᠠᠳᠡᠯ ᠤᠨ ᠳᠠᠷᠠᠭ᠎ᠠ᠂ ᠳᠠᠭᠠᠳᠬᠠᠯ ᠤᠨ ᠺᠣᠮᠫᠠᠨᠢ ᠠᠴᠠ 6000 ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠣᠷᠣᠯᠠᠨ ᠲᠤᠰᠢᠶᠠᠵᠤ ᠦᠭᠪᠡ᠃     ᠵᠠᠭᠠᠯᠳᠤᠭᠴᠢ ᠴᠢ ᠣᠪᠣᠭᠲᠤ ᠥᠷᠯᠥᠭᠡᠨ ᠤ ᠬᠤᠭᠤᠯᠠ ᠬᠤᠳᠠᠯᠳᠤᠬᠤ ᠠᠷᠠᠯᠵᠢᠶ᠎ᠠ ᠬᠢᠭᠡᠳ ᠣᠯᠠᠨ ᠵᠢᠯ ᠪᠣᠯᠵᠤ ᠪᠤᠢ᠃ ᠭᠡᠪᠡᠴᠤ ᠲᠢᠩᠬᠢᠮ ᠤᠨ ᠰᠢᠭᠦᠯᠲᠡ ᠳᠤ ᠴᠢ ᠤᠪᠤᠭᠲᠤ ᠢᠳᠡᠭᠡᠨ ᠤᠮᠳᠠᠭᠠᠨ ᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠪᠠ ᠢᠳᠡᠭᠡᠨ ᠤᠮᠳᠠᠭᠠᠨ ᠤ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢᠶᠠᠨ ᠬᠠᠩᠭᠠᠵᠤ ᠳᠠᠶᠢᠯᠤᠭ᠍ᠰᠡᠨ ᠦᠭᠡᠢ ᠪᠣᠯᠬᠤᠷ ᠬᠠᠮᠢᠶ᠎ᠠ ᠪᠦᠬᠦᠢ ᠵᠠᠷᠤᠳᠠᠯ ᠢ ᠨᠠᠷᠢᠯᠢᠭ ᠪᠣᠳᠣᠬᠤ ᠶᠢᠨ ᠠᠷᠭ᠎ᠠ ᠦᠭᠡᠢ ᠪᠠᠶᠢᠵᠤ᠂ ᠬᠤᠶᠠᠷ ᠲᠠᠯ᠎ᠠ ᠪᠠᠷ ᠢᠶᠠᠨ ᠲᠥᠯᠥᠪᠦᠷᠢ ᠶᠢᠨ ᠵᠣᠭᠤᠰ ᠤᠨ ᠲᠠᠯ᠎ᠠ ᠪᠠᠷ ᠰᠠᠨᠠᠯ ᠨᠢᠭᠡᠳᠬᠦ ᠦᠭᠡᠢ ᠪᠠᠶᠢᠪᠠ᠃ ᠰᠢᠭᠦᠭᠴᠢ ᠲᠤᠰᠢᠶᠠᠯᠲᠠᠨ ᠤ ᠣᠯᠠᠨ ᠤᠳᠠᠭ᠎ᠠ ᠶᠢᠨ ᠬᠦᠯᠢᠴᠡᠩᠭᠦᠶ ᠲᠠᠶᠢᠯᠪᠤᠷᠢᠯᠠᠯᠲᠠ ᠪᠠᠷ ᠳᠠᠮᠵᠢᠭᠠᠳ ᠬᠤᠶᠠᠷ ᠡᠲᠡᠭᠡᠳ ᠢᠶᠠᠷ ᠢᠶᠠᠨ ᠡᠴᠦᠰ ᠲᠡᠭᠡᠨ ᠡᠶᠡᠳᠡᠭᠦ ᠬᠡᠯᠡᠯᠴᠡᠭᠡᠷ ᠲᠣᠭᠲᠠᠵᠤ᠂ ᠵᠠᠭᠠᠯᠳᠤᠭᠳᠠᠭᠴᠢ ᠳ᠋ᠤᠸᠠᠨ ᠣᠪᠣᠭᠲᠤ ᠵᠠᠭᠠᠯᠳᠤᠭᠴᠢ ᠴᠢ ᠣᠪᠣᠭᠲᠤ ᠳᠤ 15000.00 ᠲᠥᠭᠦᠷᠢᠭ ᠤᠨ ᠲᠦᠯᠦᠪᠦᠷᠢ ᠦᠭᠭᠦ ᠪᠠᠷ ᠪᠤᠯᠪᠠ᠃     ᠰᠢᠭᠦᠭᠴᠢ ᠲᠤᠰᠢᠶᠠᠯᠲᠠᠨ ᠤ ᠰᠠᠨᠠᠭᠤᠯᠤᠮᠵᠢ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠵᠢᠷᠠᠨ ᠭᠤᠷᠪᠠᠳᠤᠭᠠᠷ ᠵᠦᠢᠯ ᠤᠨ ᠳᠥᠷᠪᠡᠳᠦᠭᠡᠷ ᠵᠤᠷᠪᠤᠰ ᠳᠤ᠂ ᠲᠡᠷᠭᠡ ᠯᠠᠪᠳᠠᠭᠤᠨ ᠵᠣᠭᠰᠣᠬᠤ ᠠᠴᠠ ᠡᠮᠦᠨ᠎ᠡ ᠲᠡᠷᠭᠡᠨ ᠡᠭᠦᠳᠡ ᠶᠢ ᠨᠡᠭᠡᠭᠡᠭᠦ ᠪᠤᠶᠤ ᠲᠡᠷᠭᠡᠨ ᠠᠴᠠ ᠪᠠᠭᠤᠵᠤ ᠪᠣᠯᠬᠤ ᠦᠭᠡᠢ᠂ ᠲᠡᠷᠭᠡᠨ ᠡᠭᠦᠳᠡ ᠨᠡᠭᠡᠭᠡᠭᠦ ᠳᠡᠭᠡᠨ ᠪᠤᠰᠤᠳ ᠲᠡᠷᠭᠡ ᠪᠠ ᠶᠠᠪᠠᠭᠠᠨ ᠬᠥᠮᠦᠨ ᠤ ᠵᠠᠮ ᠢ ᠬᠠᠷᠰᠢᠯᠠᠵᠤ ᠪᠣᠯᠬᠤ ᠦᠭᠡᠢ᠃ ᠬᠡᠷᠪᠡ ᠵᠠᠮ ᠬᠠᠷᠢᠯᠴᠠᠭᠠᠨ ᠤ ᠠᠳᠡᠯ ᠡᠭᠦᠰᠬᠡᠪᠡᠯ ᠲᠡᠷᠭᠡᠨ ᠵᠢᠯᠤᠭᠤᠴᠢ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠬᠡᠷᠪᠡ ᠪᠤᠰᠤᠳ ᠢ ᠰᠢᠷᠬᠠᠲᠤᠭᠤᠯᠵᠤ ᠵᠡᠮᠳᠡᠭ ᠪᠣᠯᠭᠠᠨ ᠴᠢᠨᠠᠭᠰᠢᠯᠠᠨ ᠦᠬᠦᠭᠦᠯᠦᠭᠰᠡᠨ ᠪᠠᠶᠢᠪᠠᠯ᠂ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠭᠠᠳᠠᠨ᠎ᠠ ᠪᠠᠰᠠ ᠡᠷᠡᠭᠦᠤ ᠶᠢᠨ ᠰᠢᠳᠬᠡᠯ ᠬᠦᠯᠢᠶᠡᠨ᠎ᠠ ᠭᠡᠵᠤ ᠲᠤᠭᠲᠠᠭᠠᠵᠠᠢ᠃
 
ᠢᠷᠡᠯᠲᠡ᠄ ᠲᠦᠩᠯᠢᠶᠣᠣ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号