ᠲᠡᠯᠭᠡᠷ ᠵᠤᠨ ᠤ ᠳᠣᠯᠣᠭᠠᠨ ᠰᠠᠷ᠎ᠠ ᠬᠥᠯᠥᠨ ᠪᠤᠶᠢᠷ ᠤᠨ ᠲᠠᠯ᠎ᠠ ᠨᠤᠲᠤᠭ ᠵᠣᠭᠠᠴᠠᠯ ᠤᠨ ᠬᠥᠭᠵᠢᠶᠡᠨᠲᠡᠢ ᠤᠯᠠᠷᠢᠯ ᠢᠶᠠᠨ ᠣᠭᠳᠣᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠴᠢᠩᠭᠢᠰ ᠬᠠᠭᠠᠨ ᠤ ᠠᠭᠤᠳᠠᠮ ᠲᠠᠯᠠᠪᠠᠢ ᠳᠤ ᠪᠣᠳᠠᠰ ᠤᠨ ᠪᠤᠰᠤ ᠰᠣᠶᠣᠯ ᠤᠨ ᠥᠪ | ᠂ ᠰᠣᠶᠣᠯ ᠤᠨ ᠰᠢᠨ᠎ᠡ ᠡᠭᠦᠳᠦᠯᠲᠡ᠂ ᠲᠠᠷᠢᠶᠠᠯᠠᠩ ᠤᠨ ᠪᠦᠲᠦᠭᠡᠭᠳᠡᠬᠦᠨ ᠂ ᠡᠸᠡᠩᠬᠢ ᠦᠨᠳᠦᠰᠦᠲᠡᠨ ᠤ ᠣᠨᠴᠠᠯᠢᠭᠲᠤ ᠬᠤᠪᠴᠠᠰᠤ ᠵᠠᠰᠠᠯ᠂ ᠤᠯᠠᠮᠵᠢᠯᠠᠯᠲᠤ ᠰᠦ | ᠢᠳᠡᠭᠡᠨ᠂ ᠴᠠ ᠪᠤᠭᠤ ᠰᠣᠶᠣᠯ ᠤᠨ ᠡᠭᠦᠳᠦᠯᠲᠡ ᠶᠢᠨ ᠲᠣᠭᠯᠠᠭᠠᠮ ᠵᠡᠷᠭᠡ ᠡᠯ᠎ᠡ ᠲᠥᠷᠥᠯ ᠤᠨ ᠦᠵᠡᠭᠦᠯᠦᠯᠭᠡ ᠶᠢᠨ ᠡᠳ᠋ ᠲᠯᠭᠡᠭᠳᠡᠵᠥ᠂ ᠣᠷᠤᠢ ᠳᠠᠭᠠᠨ ᠪᠠᠰᠠ | ᠤᠯᠠᠭᠠᠨᠮᠥ᠋ᠴᠢᠷ ᠤᠨ ᠲᠣᠭᠯᠠᠯᠲᠠ ᠭᠠᠷᠭᠠᠨ᠂ ᠮᠠᠰᠢ ᠣᠯᠠᠨ ᠵᠤᠭᠠᠴᠠᠭᠰᠠᠳ ᠤᠨ ᠠᠩᠬᠠᠷᠤᠯ ᠢ ᠲᠠᠳᠠᠵᠣ ᠪᠠᠶᠢᠨ᠎ᠠ᠃ | ᠡᠨᠡ ᠪᠣᠯ ᠬᠥᠯᠥᠨ ᠪᠤᠶᠢᠷ ᠬᠤᠲᠠ ᠶᠢᠨ ᠣᠶᠢᠷ᠎ᠠ ᠳᠤ ᠥᠷᠨᠢᠭᠦᠯᠦᠭᠰᠡᠨ ᠰᠣᠳᠣᠨ ᠲᠣᠭᠯᠠᠯᠲᠠ᠂ ᠰᠣᠶᠣᠯ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ | ᠥᠪ ᠤᠨ ᠦᠵᠡᠭᠦᠯᠦᠯᠭᠡ ᠶᠢᠨ ᠠᠵᠢᠯᠯᠠᠭ᠎ᠠ ᠪᠣᠯᠤᠨ᠎ᠠ᠃ ︽ᠡᠨᠡ ᠵᠢᠯ ᠠᠴᠠ ᠨᠠᠰᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ | ᠵᠣᠭᠠᠴᠠᠯ ᠤᠨ ᠣᠶᠢᠯᠡᠰ ᠢᠯᠡᠳᠲᠡ ᠲᠠᠭᠠᠷᠢᠯᠲᠠ ᠳᠤ ᠣᠴᠠᠷᠠᠭᠰᠠ ᠪᠠᠶᠢᠨ᠎ᠠ ᠃ ᠬᠥᠯᠥᠨ ᠪᠤᠶᠢᠷ ᠬᠤᠲᠠ ᠶᠢᠨ ᠰᠣᠶᠣᠯ ᠵᠣᠭᠠᠴᠠᠯ ᠷᠠᠳᠢᠣ᠋ ᠲᠧᠯᠸᠢᠰ ᠤᠨ | ᠲᠣᠪᠴᠢᠶᠠᠨ ᠤ ᠳᠠᠷᠤᠭ᠎ᠠ ᠴᠢ ᠳ᠋ᠢᠶᠠᠨ ᠯᠢ ᠬᠡᠯᠡᠬᠦ ᠳᠡᠭᠡᠨ᠂ ᠵᠣᠭᠠᠴᠠᠯ ᠤᠨ ᠣᠶᠢᠯᠡᠰ ᠢ ᠪᠦᠬᠦ ᠲᠠᠯ᠎ᠠ ᠪᠠᠷ ᠰᠡᠷᠭᠦᠭᠡᠨ ᠬᠥᠭᠵᠢᠭᠦᠯᠬᠦ ᠶᠢᠨ ᠲᠥᠯᠥᠭᠡ ᠬᠥᠯᠥᠨ | ᠪᠤᠶᠢᠷ ᠬᠤᠲᠠ ᠣᠯᠠᠨ ᠠᠷᠭ᠎ᠠ ᠬᠡᠮᠵᠢᠶ᠎ᠡ ᠠᠪᠴᠤ ᠵᠣᠭᠠᠴᠠᠭᠰᠠᠳ ᠤᠨ ᠲᠤᠭ᠎ᠠ ᠶᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠢ ᠬᠠᠪᠰᠤᠷᠤᠨ ᠬᠦᠴᠢᠷ | ᠪᠡᠷᠬᠡᠰᠢᠶᠠᠯ ᠢ ᠢᠯᠠᠨ ᠲᠠᠪᠠᠭᠰᠨ ᠪᠠᠶᠢᠨ᠎ᠠ ᠬᠡᠵᠠᠢ᠃ | ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠬᠤᠭᠤᠴᠠᠭᠠᠨ ᠳᠤ ᠭᠠᠳᠠᠷ ᠣᠷᠣᠨ ᠤ ᠵᠤᠭᠠᠴᠠᠭᠰᠠᠳ ᠴᠥᠭᠡᠨ ᠪᠤᠯᠤᠬᠰᠠᠨ ᠪᠠᠶᠢᠲᠠᠯ ᠳᠤ ᠴᠢᠭᠯᠡᠬᠦᠯᠦᠨ | ᠂ ᠲᠤᠬᠠᠶ ᠶᠢᠨ ᠭᠠᠵᠠᠷ ᠤᠨ ᠬᠢᠨ ︽ᠬᠥᠯᠥᠨ ᠪᠤᠶᠢᠷ ᠤᠨ ᠬᠦᠮᠣᠰ ᠬᠥᠯᠥᠨ ᠪᠤᠶᠢᠷ ᠢᠶᠠᠷ ᠵᠤᠭᠠᠴᠠᠬᠤ︾ ᠪᠠ ᠭᠠᠷᠠᠭ ᠤᠨ ᠰᠡᠭᠦᠯᠴᠢ ᠶᠢᠨ 2.5 ᠡᠳᠦᠷ ᠤᠨ | ᠬᠠᠷᠢᠮᠠᠬᠠᠶ ᠴᠢᠨᠠᠷᠲᠠᠶ ᠠᠮᠠᠷᠠᠯᠲᠠ ᠶᠢᠨ ᠲᠦᠷᠢᠮ ᠢ ᠬᠡᠷᠡᠭᠵᠢᠭᠦᠯᠵᠦ᠂ ᠵᠣᠭᠠᠴᠠᠯ ᠂ ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭ ᠢ ᠲᠠᠷᠬᠠᠭᠠᠵᠤ᠂ ᠡᠯ᠎ᠡ ᠶᠡᠭᠡ | ᠦᠵᠡᠮᠵᠢᠳᠣ ᠣᠷᠣᠨ ᠨᠢ ᠪᠠᠰᠠ ᠬᠠᠷᠠᠭᠠᠯᠵᠠᠯ ᠲᠠᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠠᠯᠭ᠎ᠠ ᠪᠠᠷ ᠶᠠᠪᠣᠭᠳᠠᠭᠤᠯᠪᠠ ᠃ | ᠭᠡᠭᠡᠨ ᠭᠤᠣᠯ ᠬᠤᠲᠠ ᠶᠢᠨ ᠤᠯᠭᠤᠶᠠ ᠶᠢᠨ ᠴᠠ ᠪᠤᠭᠤ ᠶᠢᠨ ᠦᠵᠡᠮᠵᠢ ᠶᠢ ᠰᠣᠨᠢᠷᠬᠠᠬᠤ ᠭᠠᠵᠠᠷ ᠲᠤ ᠴᠠ ᠪᠤᠭᠤ ᠶᠢᠨ ᠰᠣᠶᠣᠯ ᠢ ᠣᠶᠢᠯᠠᠭᠠᠬᠤ ᠪᠠᠷ | ᠢᠷᠡᠭᠰᠡᠨ ᠵᠣᠭᠠᠴᠠᠭᠰᠠᠳ ᠮᠡᠳᠡᠭᠳᠡᠮ᠎ᠡ ᠨᠡᠮᠡᠭᠲᠡᠪᠡ ᠂ ︽ᠵᠠᠰᠠᠭ ᠤᠨ ᠣᠷᠳᠣᠨ ᠠᠴᠠ ᠬᠥᠯᠥᠨ ᠪᠤᠶᠢᠷ ᠤᠨ ᠬᠥᠮᠦᠰ ᠬᠥᠯᠥᠨ ᠪᠤᠶᠢᠷ ᠲᠤ ᠪᠠᠨ ᠪᠦᠷ ᠢᠶᠠᠷ | ᠵᠤᠭᠠᠴᠠᠬᠤ ᠶᠢ ᠰᠠᠨᠠᠭᠠᠴᠢᠯᠠᠵᠤ ᠪᠠᠶᠢᠨ᠎ᠠ᠂ ᠪᠠᠰᠠ ᠡᠭᠦᠳᠡᠨ ᠪᠢᠯᠧᠲ ᠤᠨ ᠬᠠᠷᠠᠭᠠᠯᠵᠠᠯ ᠲᠠᠢ ᠂ ᠣᠯᠳᠠᠰᠢ ᠦᠭᠡᠢ ᠵᠠᠪᠰᠢᠶᠠᠨ ᠶᠤᠮ᠂ ᠮᠢᠨᠦ ᠦᠵᠡᠬᠦ ᠪᠠᠷ ᠣᠨᠴᠠᠭᠠᠢ | ᠰᠠᠶᠢᠨ ᠣᠴᠢᠷ︾ ᠬᠡᠵᠣ ᠬᠥᠯᠥᠨ ᠪᠤᠶᠢᠷ ᠬᠤᠳᠠ ᠠᠴᠠ ᠢᠷᠡᠭᠰᠡᠨ 74 ᠨᠠᠰᠤᠲᠠᠢ ᠵᠤᠭᠠᠴᠠᠭᠴᠢ ᠯᠢ ᠠᠪᠤᠭᠠᠢ ᠬᠡᠯᠡᠨ᠎ᠡ ᠃ | ᠬᠥᠯᠥᠨ ᠪᠤᠶᠢᠷ ᠬᠤᠲᠠ ᠪᠠᠰᠠ ᠰᠦᠯᠵᠢᠶᠡᠨ ᠤ ᠤᠬᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ᠵᠣᠭᠠᠴᠠᠯ ᠤᠨ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ | ᠴᠢᠩᠭᠠᠷᠠᠭᠤᠯᠪᠠ᠃ ᠦᠷ᠎ᠡ ᠳᠤ ᠬᠤᠷᠠᠯᠳᠤᠭᠰᠠᠨ ᠬᠥᠯᠥᠨ ᠪᠤᠶᠢᠷ ᠤᠨ ᠵᠤᠨ ᠤ ᠤᠯᠠᠷᠢᠯ ᠤᠨ ᠵᠣᠭᠠᠴᠠᠯ ᠤᠨ ᠰᠦᠯᠵᠢᠶᠡᠨ ᠤ ᠰᠣᠨᠢᠨ ᠮᠡᠳᠡᠭᠡ ᠨᠡᠶᠢᠲᠡᠯᠡᠬᠦ ᠬᠤᠷᠠᠯ | ᠨᠢ ︽ᠮᠢᠩᠭᠠᠨ ᠠᠭᠤᠯᠠ ᠲᠦᠮᠡᠨ ᠤᠰᠤ ᠪᠠᠷ ᠶᠠᠪᠣᠭᠰᠠᠨ ᠴᠦ ᠬᠥᠯᠥᠨ ᠪᠤᠶᠢᠷ ᠮᠠᠨᠢ ᠬᠠᠮᠤᠭ ᠠᠴᠠ ᠰᠠᠶᠢᠬᠠᠨ︾ ᠭᠡᠳᠡᠭ ᠢᠶᠠᠷ ᠭᠤᠤᠯ ᠰᠡᠳᠦᠪ ᠪᠣᠯᠭᠠᠵᠤ᠂ | 2020 ᠣᠨ ᠤ ᠬᠥᠯᠥᠨ ᠪᠤᠶᠢᠷ ᠤᠨ ᠵᠣᠨ ᠤ ᠤᠯᠠᠷᠢᠯ ᠤᠨ ᠰᠣᠶᠣᠯ ᠪᠠ ᠵᠣᠭᠠᠴᠠᠯ + ᠣᠶᠢᠯᠡᠳᠬᠦᠨ ᠤ ᠠᠭᠤᠰᠤᠯᠴᠠᠯ ᠶᠢ ᠰᠦᠯᠵᠢᠶ᠎ᠡ ᠪᠠᠷ ᠨᠡᠶᠢᠳᠡᠯᠭᠰᠡᠨ | ᠪᠦᠬᠡᠳ ᠰᠢᠨᠬᠤᠸᠠ ᠬᠤᠷᠢᠶᠠᠨ ᠤ ᠲᠤᠬᠠᠢ ᠶᠢᠨ ᠲᠠᠯᠠᠪᠠᠢ ᠶᠢᠨ ᠨᠡᠪᠡᠷᠡᠬᠦᠯᠭᠡ ᠂ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠮᠡᠯ ᠰᠦᠯᠵᠢᠶ᠎ᠡ ᠂ ᠳᠡᠯᠡᠬᠡᠢ | ᠳ᠋ᠠᠬᠢᠨ ᠲᠠ ᠰᠠᠶᠢᠨ ᠤᠤ᠂ ᠪᠢ ᠪᠣᠯ ᠥᠪᠥᠷ ᠮᠣᠩᠭᠤᠯ᠂ ᠰᠢᠶᠧ ᠲᠦᠩ ᠵᠤᠭᠠᠴᠠᠯ᠂ ᠥᠨᠥᠳᠦᠷ ᠤᠨ ᠲᠡᠷᠢᠭᠦᠨ ᠮᠡᠳᠡᠭᠡ ᠂ ᠳ᠋ᠧᠦ ᠶᠢᠨ ᠵᠡᠷᠭᠡ 18 ᠰᠢᠭᠤᠳ | ᠨᠡᠪᠳᠡᠷᠬᠦᠯᠬᠦ ᠲᠠᠪᠴᠠᠩ ᠢᠶᠠᠷ ᠳᠠᠮᠵᠢᠨ ᠲᠤᠬᠠᠢ ᠶᠢᠨ ᠲᠠᠯᠠᠪᠠᠢ ᠶᠢᠨ ᠪᠦᠬᠦ ᠶᠠᠪᠤᠴᠠ ᠶᠢ ᠰᠢᠭᠤᠳ ᠨᠡᠪᠳᠡᠷᠡᠬᠦᠯᠪᠡ᠃ ᠬᠥᠯᠥᠨ ᠪᠣᠶᠢᠷ ᠬᠤᠲᠠ ᠶᠢᠨ ᠰᠣᠶᠣᠯ | ᠵᠣᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠡᠯ᠎ᠡ ᠪᠦᠷᠢᠯᠳᠦᠬᠦᠨ ᠨᠢᠭᠡᠴᠡ ᠶᠢᠨ ᠲᠦᠯᠣᠭᠡᠯᠡᠭᠴᠢ ᠲᠣᠰ ᠲᠣᠰ ᠬᠥᠯᠥᠨ ᠪᠣᠶᠢᠷ ᠤᠨ ᠵᠤᠨ ᠤ ᠤᠯᠠᠷᠢᠯ ᠤᠨ | ᠵᠣᠭᠠᠴᠠᠯ᠂ ᠪᠡᠶ᠎ᠡ ᠶᠢᠨ ᠲᠠᠮᠢᠷ + ᠵᠣᠭᠠᠴᠠᠯ᠂ ᠬᠤᠳᠠᠯᠳᠤᠭᠠᠨ ᠤ ᠶᠠᠪᠤᠳᠠᠯ + ᠵᠣᠭᠠᠴᠠᠯ᠂ ᠣᠢ ᠰᠢᠭᠤᠶ + ᠵᠣᠭᠠᠴᠠᠯ ᠪᠠ ᠬᠥᠯᠥᠨ ᠪᠤᠶᠢᠷ ᠲᠡᠮᠳᠡᠭᠲᠦ ᠲᠠᠯ᠎ᠠ | ᠨᠤᠲᠤᠭ ᠤᠨ ᠣᠢ ᠰᠢᠭᠤᠶ ᠶᠢᠨ ᠵᠣᠭᠠᠴᠠᠯ ᠤᠨ ᠭᠠᠯᠲᠤ ᠲᠡᠷᠭᠡ᠂ ᠬᠥᠯᠥᠨ ᠪᠤᠶᠢᠷ ᠤᠨ ᠪᠦᠯᠣᠭ᠍ᠯᠡᠯ ᠢ ᠲᠠᠨᠢᠯᠴᠠᠭᠤᠯᠵᠣ᠂ ᠬᠥᠯᠥᠨ ᠪᠤᠶᠢᠷ ᠬᠤᠲᠠ ᠶᠢᠨ ᠰᠣᠶᠣᠯ | ᠪᠠ ᠵᠣᠭᠠᠴᠠᠯ ᠤᠨ ᠪᠦᠲᠦᠭᠡᠭᠳᠡᠬᠦᠨ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠤᠨ ᠨᠥᠯᠥᠭᠡᠯᠡᠬᠦ | ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠣᠷᠠᠯᠳᠠ ᠥᠬᠡᠶ ᠦᠷᠬᠡᠳᠬᠡᠪᠡ |