ᠲᠤᠰ ᠰᠤᠨᠢᠨ ᠤ ᠮᠡᠳᠡᠭᠡ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨ ᠬᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ ︽ᠲᠦᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ | ᠲᠤᠭᠳᠠᠭᠠᠯ︾ ᠤᠨ ᠱᠠᠭᠠᠷᠳᠠᠯᠭ᠎ᠠ ᠶᠤᠰᠤᠭᠠᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠦᠪᠦᠷ | ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ | ᠤᠢᠢᠷ᠎ᠠ ᠳᠤ ᠬᠦᠯᠦᠨ ᠪᠤᠶᠢᠷ ᠬᠤᠳᠠ ᠳᠤ ᠤᠷᠤᠵᠤ ᠰᠠᠭᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠠᠵᠢᠯ | ᠦᠷᠨᠢᠬᠦᠯᠦᠨ᠎ᠡ᠃ 7 ᠰᠠᠷ᠎ᠠ ᠶᠢᠨ 29 ᠤ ᠡᠳᠦᠷ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ | ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠬᠦᠯᠦᠨ ᠪᠤᠶᠢᠷ ᠬᠤᠳᠠ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠬᠦ ᠲᠠᠶᠢᠴᠢᠯᠠᠯᠳᠠ ᠶᠢᠨ ᠬᠤᠷᠠᠯ ᠬᠦᠯᠦᠨ | ᠪᠤᠶᠢᠷ ᠲᠤ ᠬᠤᠷᠠᠯᠳᠤᠵᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠪᠠᠢ ᠪᠤᠤ ᠢᠦᠢ᠂ ᠲᠡᠳ᠋ ᠲᠠᠷᠤᠭ᠎ᠠ ᠳᠤ ᠵᠢᠶᠦ᠋ᠨ ᠹᠸᠡᠭ ᠱᠠᠯᠠᠪᠳᠠᠭᠤᠯᠤᠨ | ᠪᠠᠶᠢᠴᠠᠭᠠᠬᠤ ᠠᠵᠢᠯ ᠢ ᠰᠠᠶᠢᠳᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠤ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠢᠦᠢ ᠯᠢ ᠰᠢᠨ | ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠬᠤᠷᠠᠯ ᠢ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠵᠢᠶᠠᠩ ᠬᠤᠨᠭ᠌ | ᠡᠷᠬᠢᠯᠡᠪᠡ᠃ | ᠪᠠᠢ ᠪᠤᠤ ᠢᠦᠢ ᠵᠢᠭᠠᠬᠤ ᠳᠠᠭᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶ᠎ᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠲᠡᠭᠡᠳᠦ | ᠬᠡᠮᠵᠢᠶ᠎ᠡ ᠪᠠᠷ ᠬᠦᠨᠳᠦᠳᠭᠡᠵᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠤᠯᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠳᠤ ᠤᠷᠤᠭᠤᠯᠪᠠ | ᠃ ᠶᠡᠷᠦᠩᠬᠡᠢ ᠱᠦᠵᠢ ᠰᠢ ᠶᠢᠨ ᠫᠢᠡᠭ ᠦᠵᠡᠰᠬᠦᠯᠡᠩᠳᠦ ᠰᠠᠶᠢᠬᠠᠨ ᠲᠤᠮᠳᠠᠳᠤ ᠤᠯᠤᠰ ᠢ ᠪᠠᠶᠢᠭᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ | ᠮᠠᠨᠳᠤᠯᠳᠠ ᠶᠢᠨ ᠲᠤᠮᠳᠠᠳᠤ ᠤᠯᠤᠰ ᠤᠨ ᠵᠡᠭᠦᠳᠦ ᠶᠢ ᠲᠡᠷᠭᠡᠯᠰᠢᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠦᠪᠡᠷ ᠤᠨ ᠪᠡᠶ᠎ᠡ ᠪᠠᠷ ᠢᠶᠠᠨ ᠲᠦᠯᠬᠢᠨ | ᠠᠬᠢᠭᠤᠯᠵᠤ᠂ ᠦᠪᠡᠷ ᠤᠨ ᠪᠡᠶ᠎ᠡ ᠪᠠᠷ ᠢᠶᠠᠨ ᠬᠦᠴᠦᠯᠡᠨ ᠬᠡᠷᠡᠭᠵᠢᠬᠦᠯᠵᠤ᠂ ᠦᠢᠯᠡᠳᠦᠯᠭᠡ ᠪᠠᠷ ᠲᠠᠮᠵᠢᠨ ᠶᠠᠭᠤᠨ ᠳᠤ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ᠂ | ᠶᠠᠠᠮᠷ ᠶᠠᠩᠵᠤ ᠶᠢᠨ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ᠂ ᠠᠮᠢ ᠠᠬᠤᠢ ᠶᠢᠨ ᠪᠤᠯᠪᠠᠰᠤᠨ ᠢ ᠬᠡᠷᠬᠢᠨ ᠪᠠᠶᠢᠭᠤᠯᠬᠤ ᠵᠡᠷᠭᠡ ᠴᠢᠬᠤᠯᠠ ᠶᠡᠭᠡ ᠤᠨᠤᠯ ᠤᠨ ᠪᠤᠯᠤᠨ | ᠦᠢᠯᠡᠳᠦᠯᠭᠡ ᠶᠢᠨ ᠠᠰᠠᠭᠤᠳᠠᠯ ᠳᠤ ᠬᠦᠨᠵᠡᠭᠡᠢ ᠬᠠᠷᠢᠭᠤᠯᠳᠠ ᠦᠭᠴᠤ ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ | ᠪᠤᠳᠤᠯᠭ᠎ᠠ ᠶᠢ ᠲᠤᠷᠠᠳᠴᠤ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠷᠢᠯᠳᠦᠬᠦᠯᠵᠤ᠂ ᠪᠦᠬᠦ ᠨᠠᠮ ᠪᠦᠬᠦ ᠤᠯᠤᠰ ᠤᠨ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠠᠬᠢᠭᠤᠯᠵᠤ᠂ ᠦᠵᠡᠰᠭᠦᠯᠡᠩᠳᠦ ᠰᠠᠶᠢᠬᠠᠨ ᠲᠤᠮᠳᠠᠳᠤ | ᠤᠯᠤᠰ ᠢ ᠪᠦᠳᠦᠭᠡᠨ ᠪᠠᠶᠢᠭᠤᠯᠬᠤ ᠦᠨᠳᠦᠰᠦᠨ ᠵᠢᠷᠤᠮᠯᠠᠯ ᠪᠤᠯᠭᠠᠵᠠᠢ᠃ | 2019 ᠤᠨ ᠤ 6 ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ ︽ᠲᠦᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠲᠤᠭᠳᠠᠭᠠᠯ ︵ᠲᠤᠷᠤᠭᠰᠢ ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠭᠡᠵᠤ ᠲᠦᠭᠦᠮᠴᠢᠯᠡᠨ᠎ᠡ︶︾ ᠢ ᠲᠠᠷᠤᠮᠠᠯᠯᠠᠨ ᠲᠠᠷᠬᠠᠭᠠᠪᠠ᠃ ᠱᠠᠯᠠᠪᠳᠠᠭᠤᠯᠤᠨ | ᠪᠠᠶᠢᠴᠠᠭᠠᠬᠤ ᠲᠤᠭᠳᠠᠭᠠᠯ ᠪᠤᠯ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠳᠠᠬᠢ ᠠᠩᠬᠠᠳᠠᠭᠴᠢ ᠨᠠᠮ ᠤᠨ ᠲᠤᠳᠤᠭᠠᠳᠤ ᠶᠢᠨ ᠬᠠᠤᠯᠢ ᠲᠦᠷᠢᠮ ᠪᠠᠶᠢᠵᠤ᠂ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ᠂ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠡᠷᠡᠰ ᠴᠢᠩᠭ᠎ᠠ ᠢᠳᠡᠭᠡᠯ ᠵᠤᠷᠢᠭ ᠪᠤᠯᠤᠨ ᠡᠷᠡᠰ ᠪᠠᠳᠤ ᠡᠷᠴᠢ ᠵᠤᠷᠢᠭ ᠢ ᠬᠦᠢᠴᠡᠳ | ᠬᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠪᠤᠯ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠨ ᠴᠢᠬᠤᠯᠠ | ᠤᠯᠤᠰ ᠲᠦᠷᠦ ᠶᠢᠨ ᠡᠭᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠶᠢ ᠬᠦᠢᠴᠡᠳ ᠲᠤᠳᠤᠷᠬᠠᠢᠢᠯᠠᠵᠤ᠂ ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠢ | ᠬᠡᠷᠡᠭᠵᠢᠬᠦᠯᠬᠦ ᠨᠢ ᠬᠠᠤᠯᠢ ᠶᠤᠰᠤᠭᠠᠷ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠦᠨᠵᠡᠭᠡᠶᠢᠷᠡᠨ | ᠬᠦᠭᠵᠢᠬᠦ ᠶᠢ ᠲᠦᠯᠬᠢᠨ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃ ᠡᠭᠦᠨ ᠤ ᠬᠠᠮᠳᠤ᠂ ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠳᠤ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠲᠦᠪ ᠪᠤᠯᠤᠨ ᠮᠤᠵᠢ᠂ ᠦᠪᠡᠷᠳᠡᠭᠡᠨ ᠵᠠᠰᠬᠠᠤ ᠤᠷᠤᠨ᠂ ᠰᠢᠭᠤᠳ ᠬᠠᠷᠢᠶ᠎ᠠ | ᠬᠤᠳᠠ ᠬᠤᠶᠠᠷ ᠱᠠᠳᠤᠨ ᠤ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠶᠢ ᠬᠡᠷᠡᠭᠵᠢᠬᠦᠯᠵᠤ᠂ ᠡᠯ᠎ᠡ ᠮᠤᠵᠢ᠂ ᠦᠪᠡᠷᠳᠡᠭᠡᠨ ᠵᠠᠰᠬᠠᠤ ᠤᠷᠤᠨ᠂ ᠰᠢᠭᠤᠳ ᠬᠠᠷᠢᠶ᠎ᠠ | ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠲᠦᠪ ᠤᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠦᠷᠬᠦᠯᠵᠢᠯᠡᠯ ᠪᠠ ᠨᠦᠬᠦᠪᠦᠷᠢᠯᠡᠯ ᠪᠤᠯᠭᠠᠵᠤ ᠱᠠᠯᠠᠪᠳᠠᠭᠤᠯᠤᠨ ᠪᠠᠶᠢᠴᠠᠭᠠᠬᠤ ᠨᠡᠶᠢᠯᠡᠮᠡᠯ ᠬᠦᠴᠦᠨ ᠢ | ᠪᠦᠷᠢᠯᠳᠦᠬᠦᠯᠦᠨ᠎ᠡ᠃ | ᠱᠠᠯᠠᠪᠳᠠᠭᠤᠯᠤᠨ ᠪᠠᠶᠢᠴᠠᠭᠠᠬᠤ ᠲᠤᠭᠳᠠᠭᠠᠯ ᠳᠠᠬᠢ ᠮᠤᠵᠢ ᠶᠢᠨ ᠲᠡᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ | ᠪᠠᠶᠢᠴᠠᠭᠠᠯᠳᠠ ᠶᠢ ᠦᠷᠨᠢᠬᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ ᠲᠠᠷᠤᠯᠳᠠ ᠦᠭᠴᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ | ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠡᠨᠡ ᠵᠢᠯ ᠬᠡᠰᠡᠭ | ᠠᠶᠢᠮᠠᠭ ᠬᠤᠳᠠ ᠳᠤ ᠠᠮᠢ ᠠᠬᠤᠢ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠦᠨ᠎ᠡ᠃ ᠱᠠᠯᠠᠪᠳᠠᠭᠤᠯᠤᠨ ᠪᠠᠶᠢᠴᠠᠭᠠᠬᠤ ᠠᠵᠢᠯ ᠤᠨ | ᠶᠡᠷᠦᠩᠬᠡᠢ ᠰᠡᠳᠭᠢᠴᠡ ᠪᠤᠯ᠄ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ | ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠷᠡᠰ | ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠶᠢ | ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠭᠤᠤᠯᠳᠠᠯᠭ᠎ᠠ ᠲᠠᠢ ᠬᠦᠷᠢᠶ᠎ᠡ ᠳᠤ | ᠠᠩᠬᠠᠷᠤᠯ ᠢᠶᠠᠨ ᠲᠦᠪᠯᠡᠷᠡᠬᠦᠯᠵᠤ᠂ ᠭᠤᠤᠯᠳᠠᠯᠭ᠎ᠠ ᠶᠢ ᠲᠤᠪᠤᠶᠢᠯᠭᠠᠨ᠂ ᠬᠠᠷᠠᠯᠳᠠ ᠲᠠᠢ ᠪᠠᠷ ᠠᠵᠢᠯᠯᠠᠨ᠎ᠠ︔ ᠨᠠᠷᠢᠨ ᠬᠢᠨᠠᠮᠠᠭᠠᠢ ᠪᠦᠭᠡᠳ ᠨᠠᠷᠢᠯᠢᠭ᠂ ᠪᠤᠰᠤᠳᠴᠢ ᠲᠦᠪ | ᠭᠤᠤᠯᠴᠢ ᠪᠠᠶᠢᠵᠤ᠂ ᠠᠰᠠᠭᠤᠳᠠᠯ ᠢ ᠤᠨᠤᠪᠴᠢᠳᠠᠢ ᠪᠤᠳᠠᠳᠠᠢ ᠪᠠᠶᠢᠴᠠᠭᠠᠵᠤ᠂ ᠪᠠᠶᠢᠳᠠᠯ ᠢ ᠲᠤᠳᠤᠷᠬᠠᠢ ᠲᠤᠭᠤᠰᠢᠳᠠᠢ ᠪᠠᠶᠢᠴᠠᠭᠠᠵᠤ᠂ ᠬᠡᠷᠡᠭ ᠶᠠᠪᠤᠳᠠᠯ ᠬᠦᠮᠦᠨ ᠪᠠ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠠᠵᠢᠯ ᠬᠢᠬᠦ ᠦᠭᠡᠢ᠂ ᠠᠵᠢᠯ ᠤᠳᠠᠭᠠᠨ ᠬᠢᠬᠦ ᠶᠢ ᠪᠠᠶᠢᠴᠠᠭᠠᠬᠤ ᠪᠠᠷ ᠪᠠᠷᠠᠬᠤ ᠦᠭᠡᠢ ᠲᠤᠷᠠᠪᠡᠷ ᠬᠢᠬᠦ᠂ ᠬᠠᠰᠢ ᠶᠠᠰᠢ | ᠬᠢᠬᠦ ᠶᠢ ᠴᠤ ᠪᠠᠶᠢᠴᠠᠭᠠᠨ᠂ ᠤᠨᠴᠠᠭᠠᠢᠢᠯᠠᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ ᠪᠤᠬᠢᠷᠳᠤᠯ ᠢ ᠵᠠᠰᠠᠬᠤ ᠲᠤᠮᠳᠠᠬᠢ ︽ᠨᠢᠭᠡᠯᠡ ᠭᠡᠪ ᠲᠤ ᠪᠠᠷᠢᠭᠳᠠᠬᠤ︾ | ᠠᠵᠢᠯᠯᠠᠭ᠎ᠠ ᠳᠤ ᠬᠦᠨᠳᠦ ᠴᠤᠬᠢᠯᠳᠠ ᠦᠭᠬᠦᠨ᠎ᠡ︔ ᠱᠠᠯᠠᠪᠳᠠᠭᠤᠯᠬᠤ ᠶᠢᠨ ᠲᠠᠭᠠᠤ ᠦᠭᠡᠷᠡᠴᠢᠯᠡᠵᠤ ᠢᠯᠠ ᠪᠤᠯᠭᠠᠬᠤ ᠶᠢ ᠴᠢᠩᠭᠠᠳᠬᠠᠵᠤ᠂ ᠱᠠᠯᠠᠪᠳᠠᠭᠤᠯᠤᠨ | ᠪᠠᠶᠢᠴᠠᠭᠠᠯᠳᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠪᠤᠯᠤᠨ ᠵᠦᠪ ᠲᠠᠯ᠎ᠠ ᠶᠢᠨ ᠨᠡᠶᠢᠳᠡᠯᠢᠭ ᠵᠢᠱᠢᠶ᠎ᠡ ᠶᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠨᠡᠶᠢᠭᠡᠮ | ᠨᠡᠶᠢᠳᠡ ᠳᠤ ᠢᠯᠡ ᠪᠠᠷ ᠨᠡᠶᠢᠳᠡᠯᠡᠵᠤ᠂ ᠨᠡᠶᠢᠭᠡᠮ ᠤᠨ ᠠᠩᠬᠠᠷᠤᠯ ᠬᠠᠯᠠᠮᠵᠢᠯᠠᠯ ᠳᠤ ᠲᠤᠰᠬᠠᠯ ᠭᠠᠷᠭᠠᠵᠤ᠂ ᠤᠯᠠᠨ ᠲᠦᠮᠡᠨ ᠤ ᠬᠢᠨᠠᠯᠳᠠ ᠶᠢ ᠬᠦᠯᠢᠶᠡᠨ᠎ᠡ᠃ | ᠪᠠᠢ ᠪᠤᠤ ᠢᠦᠢ ᠴᠢᠬᠤᠯᠠᠴᠢᠯᠠᠬᠤ ᠳᠠᠭᠠᠨ᠂ ᠡᠨᠡ ᠤᠳᠠᠭᠠᠨ ᠤ ᠱᠠᠯᠠᠪᠳᠠᠭᠤᠯᠤᠨ ᠪᠠᠶᠢᠴᠠᠭᠠᠯᠳᠠ ᠶᠢᠨ ᠭᠤᠤᠯᠳᠠᠯᠭ᠎ᠠ ᠪᠤᠯ ᠬᠥᠯᠤᠨ ᠪᠤᠶᠢᠷ ᠬᠤᠳᠠ ᠶᠢᠨ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠵᠢᠴᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠳᠠᠢ ᠬᠥᠭᠵᠢᠯᠲᠡ ᠶᠢ ᠲᠥᠯᠬᠢᠨ ᠠᠬᠢᠭᠤᠯᠤᠭᠰᠠᠨ | ᠪᠠᠶᠢᠳᠠᠯ ︔ ᠨᠠᠮ ᠤᠨ ᠲᠥᠪ ᠬᠤᠷᠢᠶ᠎ᠠ᠂ ᠲᠥᠷᠤ ᠶᠢᠨ ᠶᠠᠪᠤᠳᠠᠯ ᠤᠨ ᠬᠤᠷᠢᠶ᠎ᠠ ᠪᠤᠯᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠤᠯᠤᠰ ᠪᠤᠯᠤᠨ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠬᠠᠤᠯᠢ ᠲᠥᠷᠢᠮ᠂ ᠲᠥᠷᠤ ᠶᠢᠨ ᠪᠤᠳᠤᠯᠭ᠎ᠠ᠂ ᠪᠠᠷᠢᠮᠵᠢᠶ᠎ᠠ ᠵᠢᠷᠤᠮᠯᠠᠯ᠂ ᠲᠥᠯᠤᠪᠵᠢᠭᠦᠯᠭᠡ ᠲᠥᠯᠤᠪᠯᠡᠭᠡ ᠶᠢ ᠬᠡᠷᠡᠭᠵᠢᠭᠦᠯᠦᠭᠰᠡᠨ | ᠪᠠᠶᠢᠳᠠᠯ︔ ᠲᠥᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠭᠢᠵᠤ ᠬᠠᠷᠠᠬᠰᠠᠠ︾ ᠢᠶᠠᠷ ᠴᠡᠭᠴᠡᠯᠡᠨ | ᠥᠭᠡᠷᠡᠴᠢᠯᠡᠬᠦ ᠶᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ︔ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠠᠮ ᠵᠠᠰᠠᠭ ᠬᠠᠮᠳᠤ ᠪᠠᠷ ᠬᠠᠷᠢᠭᠤᠴᠠᠬᠤ ᠪᠤᠯᠤᠨ ᠨᠢᠭᠡ ᠠᠵᠢᠯ ᠤᠨ ᠪᠠᠶᠢᠷᠢ | ᠬᠤᠤᠰ ᠬᠠᠷᠢᠭᠤᠴᠠᠯᠭ᠎ᠠ ᠶᠢ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠪᠤᠯᠤᠨ ᠠᠷᠠᠳ ᠤᠯᠠᠨ ᠤ ᠳᠤᠰᠬᠠᠯ ᠴᠢᠩᠭ᠎ᠠ | ᠠᠰᠠᠭᠤᠳᠠᠯ ᠵᠡᠷᠭᠡ ᠪᠠᠶᠢᠳᠠᠯ ᠢ ᠰᠢᠢᠳᠪᠦᠷᠢᠯᠡᠬᠦ ᠪᠤᠯᠤᠨ᠎ᠠ᠃ ᠲᠤᠰ ᠤᠳᠠᠭᠠᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠠᠰᠠᠭᠤᠳᠠᠯ ᠤᠨ ᠤᠳᠤᠷᠢᠳᠤᠮᠵᠢ ᠶᠢ ᠢᠮᠠᠭᠳᠠ | ᠪᠠᠷᠢᠮᠳᠠᠯᠠᠵᠤ᠂ ᠭᠤᠤᠯᠳᠠᠯᠭ᠎ᠠ ᠲᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠳᠠᠯᠠᠵᠤ᠂ ᠤᠨᠤᠴᠠᠳᠠᠢ ᠪᠠᠷ ᠭᠥᠨᠵᠡᠭᠡᠶᠢᠷᠡᠭᠦᠯᠬᠦ ᠶᠢ ᠪᠠᠷᠢᠮᠳᠠᠯᠠᠵᠤ᠂ ︽ | ᠨᠢᠭᠡᠯᠡ ᠭᠡᠪ ᠲᠤ ᠪᠠᠷᠢᠭᠳᠠᠬᠤ︾ ᠠᠰᠠᠭᠤᠳᠠᠯ ᠢ ᠡᠷᠡᠰ ᠪᠠᠶᠢᠴᠠᠭᠠᠬᠤ ᠪᠤᠯᠤᠨ᠎ᠠ᠃ ᠬᠥᠯᠤᠨ ᠪᠤᠶᠢᠷ ᠬᠤᠳᠠ ᠶᠢᠨ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ | ᠵᠠᠰᠠᠭ ᠤᠨ ᠤᠷᠳᠤᠨ ︽ᠳᠥᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠠᠵᠢᠯ ᠳᠤ ᠢᠳᠡᠪᠬᠢᠲᠡᠢ ᠬᠠᠮᠵᠢᠨ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠡᠯ᠎ᠡ ᠲᠥᠷᠤᠯ ᠤᠨ ᠠᠵᠢᠯ ᠤᠷᠤᠭᠰᠢᠳᠠᠢ ᠪᠡᠶᠡᠯᠡᠭᠳᠡᠬᠦ ᠶᠢ ᠪᠠᠳᠤᠯᠠᠬᠤ ᠬᠡᠷᠡᠭᠳᠡᠢ ᠭᠡᠵᠡᠢ᠃ | ᠢᠤᠢ ᠯᠢ ᠰᠢᠨ ᠢᠯᠡᠷᠬᠡᠶᠢᠯᠡᠬᠦ ᠳᠡᠭᠡᠨ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ | ᠪᠠᠶᠢᠴᠠᠭᠠᠬᠤ ᠠᠵᠢᠯ ᠪᠤᠯ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠶᠢ ᠪᠤᠳᠠᠳᠠᠢ ᠳᠤ ᠥᠨᠳᠤᠰᠤ ᠬᠠᠳᠬᠤᠬᠤ ᠶᠢ ᠲᠥᠯᠬᠢᠨ | ᠠᠬᠢᠭᠤᠯᠬᠤ ᠨᠢᠭᠡᠨ ᠲᠥᠷᠤᠯ ᠤᠨ ᠴᠢᠬᠤᠯᠠ ᠲᠥᠷᠢᠮ ᠤᠨ ᠲᠤᠬᠢᠷᠠᠭᠤᠯᠤᠯᠳᠠ ᠪᠤᠯᠤᠨ᠎ᠠ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠠᠵᠢᠯ ᠤᠨ ᠲᠤᠬᠢᠷᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠥᠴᠤᠨ ᠪᠥᠬᠦᠢ ᠪᠠᠳᠤᠯᠠᠭ᠎ᠠ ᠪᠤᠯᠤᠨ᠎ᠠ᠂ ᠮᠠᠨ ᠤ ᠬᠤᠳᠠ ᠶᠢᠨ ᠤᠢᠢᠷ᠎ᠠ | ᠵᠢᠯ ᠠᠴᠠ ᠨᠠᠭᠠᠰᠢᠬᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠨᠢᠭᠡ ᠤᠳᠠᠭᠠᠨ ᠤ ᠰᠢᠯᠭᠠᠨ ᠪᠠᠶᠢᠴᠠᠭᠠᠯᠳᠠ ᠪᠤᠯᠤᠨ᠎ᠠ ᠭᠡᠵᠡᠢ᠃ ᠲᠡᠷᠡ | ᠴᠢᠬᠤᠯᠠᠴᠢᠯᠠᠬᠤ ᠳᠠᠭᠠᠨ᠂ ᠪᠥᠬᠦ ᠬᠤᠳᠠ ᠶᠢᠨ ᠡᠯ᠎ᠡ ᠬᠤᠰᠢᠭᠤ ᠬᠤᠳᠠ ᠲᠤᠭᠤᠷᠢᠭ ᠡᠯ᠎ᠡ ᠰᠠᠯᠠᠭ᠎ᠠ ᠮᠥᠴᠢᠷ ᠤᠯᠤᠰ ᠲᠥᠷᠤ ᠶᠢᠨ ᠵᠤᠭᠰᠤᠴᠠ ᠪᠠᠨ ᠳᠡᠭᠡᠭᠰᠢᠯᠡᠭᠦᠯᠵᠤ | ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠥᠨᠳᠤ ᠴᠢᠬᠤᠯᠠ ᠠᠴᠢ ᠬᠤᠯᠪᠤᠭᠳᠠᠯ ᠢ ᠭᠥᠨᠵᠡᠭᠡᠢ ᠲᠠᠨᠢᠵᠤ᠂ | ᠤᠬᠠᠮᠰᠠᠷ ᠠᠴᠠ ᠪᠠᠨ ᠬᠢᠨᠠᠨ ᠪᠠᠶᠢᠴᠠᠭᠠᠯᠳᠠ ᠶᠢ ᠬᠥᠯᠢᠶᠡᠵᠤ᠂ ᠪᠥᠬᠦ ᠬᠥᠴᠤᠨ ᠢᠶᠠᠷ ᠰᠠᠶᠢᠳᠤᠷ ᠬᠠᠮᠵᠢᠯᠴᠠᠵᠤ᠂ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ᠂ | ᠱᠠᠯᠠᠪᠳᠠᠭᠤᠯᠤᠨ ᠪᠠᠶᠢᠴᠠᠭᠠᠬᠤ ᠠᠵᠢᠯ ᠤᠷᠤᠭᠰᠢᠳᠠᠢ ᠶᠠᠪᠤᠭᠳᠠᠬᠤ ᠳᠤ ᠬᠥᠴᠤᠨ ᠪᠥᠬᠦᠢ ᠪᠠᠳᠤᠯᠠᠭ᠎ᠠ ᠬᠠᠨᠭ᠍ᠭᠠᠬᠤ ᠬᠡᠷᠡᠭᠳᠡᠢ᠃ ᠱᠠᠯᠠᠪᠳᠠᠭᠤᠯᠤᠨ ᠪᠠᠶᠢᠴᠠᠭᠠᠬᠤ ᠶᠢᠨ | ᠳᠠᠭᠠᠤ ᠥᠭᠡᠷᠡᠴᠢᠯᠡᠨ ᠴᠡᠭᠴᠡᠯᠡᠵᠤ᠂ ᠤᠯᠵᠤ ᠮᠡᠳᠡᠭᠰᠡᠨ ᠳᠠᠷᠤᠢ ᠥᠭᠡᠷᠡᠴᠢᠯᠡᠨ ᠴᠡᠭᠴᠡᠯᠡᠬᠦ ᠶᠢ ᠪᠠᠷᠢᠮᠳᠠᠯᠠᠵᠤ᠂ ᠨᠢᠭᠡᠳᠤᠯᠲᠡᠢ ᠲᠥᠯᠤᠪᠵᠢᠭᠦᠯᠤᠨ ᠨᠡᠶᠢᠳᠡ ᠳᠤᠨᠢ | ᠬᠠᠷᠠᠭᠠᠯᠵᠠᠵᠤ᠂ ᠨᠢᠭᠡ ᠴᠤᠭᠴᠠ ᠪᠠᠷ ᠥᠭᠡᠷᠡᠴᠢᠯᠡᠨ ᠴᠡᠭᠴᠡᠯᠡᠬᠦ ᠶᠢ ᠪᠠᠷᠢᠮᠳᠠᠯᠠᠵᠤ᠂ ᠥᠨᠡᠨ ᠠᠴᠠ ᠵᠥᠪ ᠢ ᠡᠷᠢᠵᠤ᠂ ᠥᠭᠡᠷᠡᠴᠢᠯᠡᠨ ᠴᠡᠭᠴᠡᠯᠡᠬᠦ ᠶᠢ ᠥᠨᠡᠨ | ᠪᠤᠳᠠᠳᠠᠢ ᠪᠠᠷ ᠠᠳᠬᠤᠬᠤ ᠶᠢ ᠪᠠᠷᠢᠮᠳᠠᠯᠠᠵᠤ᠂ ᠨᠢᠭᠡ ᠠᠴᠠ ᠨᠡᠶᠢᠳᠡᠮ ᠢ ᠵᠦᠢᠴᠢᠯᠡᠬᠦ᠂ ᠴᠡᠭᠴᠡᠯᠡᠨ ᠥᠭᠡᠷᠡᠴᠢᠯᠡᠬᠦ ᠶᠢ ᠪᠠᠬᠢᠵᠢᠭᠦᠯᠬᠦ ᠶᠢ ᠪᠠᠷᠢᠮᠳᠠᠯᠠᠵᠤ᠂ ᠱᠠᠯᠠᠪᠳᠠᠭᠤᠯᠤᠨ | ᠪᠠᠶᠢᠴᠠᠭᠠᠬᠤ ᠴᠡᠭᠴᠡᠯᠡᠨ ᠥᠭᠡᠷᠡᠴᠢᠯᠡᠬᠦ ᠶᠢᠨ ︽ᠰᠡᠭᠦᠯ ᠤᠨ ᠬᠠᠭᠤᠳᠠᠰᠤ︾ ᠶᠢ ᠰᠠᠶᠢᠳᠤᠷ ᠪᠢᠴᠢᠭᠯᠡᠵᠤ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠶᠢ | ᠴᠢᠩᠭᠠᠳᠬᠠᠵᠤ᠂ ᠴᠢᠩᠭ᠎ᠠ ᠪᠥᠭᠡᠳ ᠪᠤᠳᠠᠳᠠᠢ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠤ᠂ ᠴᠢᠨᠠᠷ ᠰᠠᠶᠢᠳᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠥᠭᠡᠷᠡᠴᠢᠯᠡᠭᠰᠡᠨ ᠪᠤᠳᠠᠳᠠᠢ ᠥᠷ᠎ᠡ ᠪᠥᠳᠤᠮᠵᠢ ᠪᠠᠷ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠬᠥᠯᠤᠨ ᠪᠤᠶᠢᠷ ᠲᠤ ᠥᠨᠳᠤᠰᠤ | ᠬᠠᠳᠬᠤᠵᠤ᠂ ᠥᠷ᠎ᠡ ᠵᠢᠮᠢᠰ ᠰᠠᠭᠤᠬᠤ ᠶᠢ ᠤᠯᠠᠮ ᠨᠢᠭᠡ ᠠᠯᠬᠤᠮ ᠲᠥᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠳᠤ ᠵᠢᠶᠦ᠋ᠨ ᠹᠧᠡᠭ ᠱᠠᠯᠠᠪᠳᠠᠭᠤᠯᠤᠨ ᠪᠠᠶᠢᠴᠠᠭᠠᠬᠤ ᠳᠤ ᠰᠠᠶᠢᠳᠤᠷ ᠬᠠᠮᠵᠢᠯᠴᠠᠬᠤ᠂ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ | ᠥᠭᠡᠷᠡᠴᠢᠯᠡᠨ ᠴᠡᠭᠴᠡᠯᠡᠬᠦ᠂ ᠰᠤᠷᠠᠭ ᠵᠠᠩᠭᠢ ᠶᠢ ᠢᠯᠡ ᠪᠤᠯᠭᠠᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠬᠤ ᠶᠢᠨ ᠬᠠᠮᠳᠤ ᠱᠠᠯᠠᠪᠳᠠᠭᠤᠯᠤᠨ ᠪᠠᠶᠢᠴᠠᠭᠠᠬᠤ | ᠳᠤᠭᠤᠢᠢᠯᠠᠩ ᠤᠨ ᠪᠥᠬᠦ ᠪᠥᠷᠢᠯᠳᠦᠭᠦᠨ ︽ᠥᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠰᠠᠬᠢᠯᠭ᠎ᠠ | ᠲᠥᠷᠢᠮ ︵ᠲᠤᠷᠰᠢᠨ ᠬᠡᠷᠡᠭᠵᠢᠭᠦᠯᠬᠦ︶︾ ᠢ ᠴᠢᠩᠭ᠎ᠠ ᠬᠡᠷᠡᠭᠵᠢᠭᠦᠯᠵᠤ᠂ ᠨᠡᠶᠢᠭᠡᠮ ᠤᠨ ᠬᠢᠨᠠᠯᠳᠠ ᠶᠢ ᠬᠥᠯᠢᠶᠡᠬᠦ ᠲᠤᠬᠠᠢ ᠤᠪᠤᠷ ᠢᠶᠠᠨ ᠢᠯᠡᠳᠭᠡᠪᠡ᠃ | ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠪᠥᠬᠦ | ᠪᠥᠷᠢᠯᠳᠦᠭᠦᠨ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ ᠤᠨ | ᠬᠤᠯᠪᠤᠭᠳᠠᠯ ᠪᠥᠬᠦᠢ ᠠᠵᠢᠯᠳᠠᠨ᠂ ᠬᠥᠯᠤᠨ ᠪᠤᠶᠢᠷ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠬᠤᠷᠠᠯ ᠳᠤ ᠤᠷᠤᠯᠴᠠᠪᠠ᠃ | ᠬᠥᠯᠤᠨ ᠪᠤᠶᠢᠷ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠥᠷᠤ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠲᠠᠢ ᠬᠠᠮᠢᠶ᠎ᠠ ᠲᠠᠢ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠤᠯᠪᠤᠭᠳᠠᠯ ᠪᠥᠬᠦᠢ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠳᠠᠨ᠂ ᠤᠷᠤᠨ ᠨᠤᠳᠤᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠳᠤᠮᠳᠠ ᠵᠡᠷᠭᠡ ᠶᠢᠨ | ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃ ᠡᠯ᠎ᠡ ᠬᠤᠰᠢᠭᠤ ᠬᠤᠳᠠ ᠲᠤᠭᠤᠷᠢᠭ ᠤᠨ ᠨᠠᠮ ᠵᠠᠰᠠᠭ ᠤᠨ ᠭᠤᠤᠯ | ᠤᠳᠤᠷᠢᠳᠤᠯᠭ᠎ᠠ ᠪᠤᠯᠤᠨ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ᠂ ᠥᠪᠤᠷ | ᠮᠤᠩᠭᠤᠯ ᠤᠨ ᠶᠡᠭᠡ ᠬᠢᠨᠭ᠍ᠭᠠᠨ ᠳᠠᠪᠠᠭᠠᠨ ᠤ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶᠠᠨ ᠤ ᠭᠤᠤᠯ | ᠬᠠᠷᠢᠭᠤᠴᠠᠯᠭᠠᠳᠠᠨ ᠲᠤᠬᠠᠢ ᠶᠢᠨ ᠭᠠᠵᠠᠷ ᠲᠠᠭᠠᠨ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠰᠤᠯᠠ ᠤᠷᠤᠯᠴᠠᠪᠠ᠃ | ᠲᠤᠬᠢᠷᠠᠭᠤᠯᠤᠯᠳᠠ ᠶᠢ ᠦᠨᠳᠦᠰᠦᠯᠡᠪᠡᠯ᠂ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ | ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠤᠷᠤᠵᠤ ᠰᠠᠭᠤᠬᠤ ᠴᠠᠭ ᠨᠢ 25 ᠡᠳᠤᠷ᠃ ᠤᠷᠤᠵᠤ ᠰᠠᠭᠤᠬᠤ ᠬᠤᠭᠤᠴᠠᠭᠠᠨ ︵2020 ᠤᠨ ᠤ 7 | ᠰᠠᠷ᠎ᠠ ᠶᠢᠨ 29 ᠤ ᠡᠳᠤᠷ — 8 ᠰᠠᠷ᠎ᠠ ᠶᠢᠨ 22 ᠤᠨ ᠡᠳᠤᠷ︶ ᠳᠤ ᠲᠤᠰᠬᠠᠢ ᠵᠢᠵᠢᠬᠦᠷ ᠤᠳᠠᠰᠤ ᠪᠠ ᠲᠤᠰᠬᠠᠢ ᠰᠢᠤᠳᠠᠨ ᠵᠠᠬᠢᠳᠠᠯ ᠤᠨ ᠬᠠᠶᠢᠷᠴᠠᠭ ᠭᠠᠷᠭᠠᠪᠠ | ᠄ ᠲᠤᠰᠬᠠᠢ ᠵᠢᠵᠢᠬᠦᠷ ᠤᠳᠠᠰᠤ ᠨᠢ᠄ 0470 — 8218371︔ ᠲᠤᠰᠬᠠᠢ ᠰᠢᠤᠳᠠᠨ ᠵᠠᠬᠢᠳᠠᠯ ᠤᠨ ᠬᠠᠶᠢᠷᠴᠠᠭ ᠨᠢ᠄ ᠦᠪᠦᠷ ᠮᠤᠩᠭᠤᠯ ᠤᠨ ᠬᠦᠯᠦᠨ ᠪᠤᠶᠢᠷ | ᠬᠤᠳᠠ ᠶᠢᠨ A009 ᠨᠤᠮᠧᠷᠳᠦ ᠰᠢᠤᠳᠠᠨ ᠵᠠᠬᠢᠳᠠᠯ ᠤᠨ ᠬᠠᠶᠢᠷᠴᠠᠭ᠃ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠢᠯᠡᠴᠢᠯᠡᠨ ᠮᠡᠳᠡᠭᠦᠯᠬᠦ ᠤᠳᠠᠰᠤ ᠶᠢ | ᠬᠦᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 — 20᠄ 00 ᠴᠠᠭ᠃ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠱᠠᠭᠠᠷᠳᠠᠯᠭ᠎ᠠ ᠪᠤᠯᠤᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠡᠭᠦᠷᠭᠡ ᠬᠠᠷᠢᠭᠤᠴᠠᠯᠭ᠎ᠠ ᠪᠠᠷ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠭᠤᠤᠯᠳᠠᠭᠤ ᠬᠥᠯᠤᠨ ᠪᠤᠶᠢᠷ ᠬᠤᠳᠠ ᠶᠢᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠶᠢᠨ ᠢᠯᠡᠴᠢᠯᠡᠨ ᠮᠡᠳᠡᠭᠦᠯᠬᠦ ᠵᠠᠬᠢᠳᠠᠯ ᠤᠳᠠᠰᠤ ᠶᠢ ᠬᠥᠯᠢᠶᠡᠨ ᠠᠪᠬᠤ ᠪᠤᠯᠤᠨ᠎ᠠ᠃ ᠪᠤᠰᠤᠳ ᠬᠥᠯᠢᠶᠡᠨ ᠠᠪᠴᠤ | ᠰᠢᠢᠳᠪᠤᠷᠢᠯᠡᠬᠦ ᠬᠡᠪᠴᠢᠶᠡᠨ ᠳᠤ ᠪᠠᠭᠳᠠᠬᠤ ᠥᠭᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠳᠠᠭᠠᠯ ᠶᠤᠰᠤᠭᠠᠷ ᠱᠠᠯᠠᠪᠳᠠᠭᠤᠯᠤᠨ ᠪᠠᠶᠢᠴᠠᠭᠠᠭᠳᠠᠬᠤ ᠭᠠᠵᠠᠷ | ᠤᠷᠤᠨ ᠳᠤ ᠲᠤᠰᠢᠶᠠᠵᠤ ᠰᠢᠢᠳᠪᠤᠷᠢᠯᠡᠭᠦᠯᠬᠦ ᠪᠤᠯᠤᠨ᠎ᠠ᠃ |