8 ᠰᠠᠷ᠎ᠠ ᠶᠢᠨ 6 ᠤ ᠡᠳᠤᠷ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠨᠠᠮ ᠤᠨ ᠳᠤᠭᠤᠢᠢᠯᠠᠩ ᠤᠨ ᠳᠡᠳ᠋ ᠱᠥᠵᠢ᠂᠂ ᠲᠡᠳ᠋ ᠡᠷᠬᠢᠯᠡᠭᠴᠢ ᠸᠠᠩ ᠪᠥᠸᠧ ᠥᠪᠡᠷᠳᠡᠭᠡᠨ ᠵᠠᠰᠠᠬᠤ ᠤᠷᠤᠨ ᠤ ᠪᠥᠬᠦ ᠤᠯᠤᠰ ᠤᠨ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠲᠥᠯᠤᠭᠡᠯᠡᠭᠴᠢ ᠶᠢᠨ ᠲᠤᠰᠬᠠᠢ ᠰᠡᠳᠤᠪᠳᠤ ᠪᠠᠶᠢᠴᠠᠭᠠᠨ ᠰᠤᠳᠤᠯᠬᠤ ᠳᠤᠭᠤᠢᠢᠯᠠᠩ ᠢ ᠳᠠᠭᠠᠭᠤᠯᠤᠨ ᠬᠦᠯᠦᠨ ᠪᠤᠶᠢᠷ | ᠬᠤᠳᠠ ᠳᠤ ᠢᠷᠡᠵᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠤᠷᠢ ᠱᠠᠩᠨᠠᠯ ᠤᠨ ᠲᠥᠷᠤ ᠶᠢᠨ ᠪᠤᠳᠤᠯᠭ᠎ᠠ ᠶᠢ ᠬᠡᠷᠡᠭᠵᠢᠭᠦᠯᠦᠭᠰᠡᠨ | ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠭᠰᠡᠨ ᠪᠥᠭᠡᠳ ᠬᠠᠷᠢᠭᠤ ᠮᠡᠳᠡᠭᠦᠯᠤᠯᠲᠡ ᠶᠢᠨ ᠬᠤᠷᠠᠯ ᠬᠤᠷᠠᠯᠳᠤᠭᠤᠯᠪᠠ᠃ ᠬᠤᠳᠠ ᠶᠢᠨ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠤᠨ ᠱᠥᠵᠢ᠂ ᠡᠷᠬᠢᠯᠡᠭᠴᠢ ᠴᠧᠨ ᠯᠢ ᠰᠢᠨ ᠬᠤᠷᠠᠯ ᠡᠷᠬᠢᠯᠡᠵᠤ᠂ | ᠬᠤᠳᠠ ᠶᠢᠨ ᠨᠠᠮ ᠤᠨ ᠬᠤᠷᠢᠶᠠᠨ ᠤ ᠳᠡᠳ᠋ ᠱᠥᠵᠢ᠂ ᠤᠯᠤᠰ ᠲᠥᠷᠤ ᠬᠠᠤᠯᠢ ᠴᠠᠭᠠᠵᠠ ᠶᠢᠨ ᠵᠥᠪᠯᠡᠯ ᠤᠨ ᠱᠥᠵᠢ ᠴᠠᠩ ᠴᠢᠩ ᠬᠤᠷᠠᠯ ᠳᠤ ᠤᠷᠤᠯᠴᠠᠬᠤ ᠶᠢᠨ | ᠬᠠᠮᠳᠤ ᠤᠭᠳᠤᠬᠤ ᠥᠭᠡ ᠶᠠᠷᠢᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠪᠠᠶᠢᠡᠭᠭᠤ ᠶᠢᠨ ᠳᠡᠳ᠋ ᠳᠠᠷᠤᠭ᠎ᠠ ᠵᠢᠢ ᠶᠥᠡᠭ | ᠴᠢᠶᠠᠨ᠂ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠤᠨ ᠳᠡᠳ᠋ ᠱᠥᠵᠢ᠂ ᠳᠡᠳ᠋ | ᠡᠷᠬᠢᠯᠡᠭᠴᠢ ᠬᠤ᠋ ᠴᠢᠩ ᠡᠥ᠂ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠨ | ᠰᠢᠤᠸᠠᠢ ᠬᠤᠢ ᠬᠤᠷᠠᠯ ᠳᠤ ᠤᠷᠤᠯᠴᠠᠪᠠ᠃ | ᠬᠤᠷᠡᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠢᠢᠯᠠᠩ ᠤᠨ ᠬᠢᠨ ᠵᠢᠢ ᠶᠥᠡᠭ ᠴᠢᠶᠠᠨ ᠤ ᠬᠢᠭᠰᠡᠨ ᠮᠠᠨ ᠤ ᠬᠤᠳᠠ ᠶᠢᠨ ᠲᠠᠯ᠎ᠠ ᠨᠤᠳᠤᠭ ᠤᠨ ᠠᠮᠢ | ᠠᠬᠤᠢ ᠶᠢ ᠬᠠᠮᠠᠭᠠᠯᠠᠬᠤ ᠨᠥᠬᠦᠪᠤᠷᠢ ᠱᠠᠩᠨᠠᠯ ᠤᠨ ᠲᠥᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠡ ᠶᠢ | ᠰᠤᠨᠤᠰᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃ | ᠸᠠᠩ ᠪᠥᠸᠧ ᠴᠢᠬᠤᠯᠠᠴᠢᠯᠠᠬᠤ ᠳᠠᠭᠠᠨ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠶᠢ ᠭᠥᠨᠵᠡᠭᠡᠢ ᠰᠤᠷᠤᠯᠴᠠᠵᠤ᠂ ᠠᠮᠢ | ᠠᠬᠤᠢ ᠶᠢ ᠬᠠᠮᠠᠭᠠᠯᠠᠵᠤ ᠰᠡᠷᠭᠦᠭᠡᠬᠦ ᠶᠢ ᠲᠠᠯ᠎ᠠ ᠨᠤᠳᠤᠭ ᠤᠨ ᠭᠤᠤᠯᠳᠠᠯᠭ᠎ᠠ ᠲᠠᠢ ᠠᠵᠢᠯ ᠢᠶᠠᠷ ᠥᠵᠡᠵᠤ᠂ ᠲᠠᠯ᠎ᠠ ᠨᠤᠳᠤᠭ ᠢ ᠬᠠᠮᠠᠭᠠᠯᠠᠬᠤ ᠤᠷᠳᠤ ᠬᠤᠭᠤᠴᠠᠭᠠᠨ ᠤ | ᠪᠥᠳᠤᠮᠵᠢᠲᠡᠢ ᠲᠤᠭᠳᠠᠴᠠ ᠶᠢ ᠪᠠᠶᠢᠭᠤᠯᠬᠤ ᠬᠡᠷᠡᠭᠲᠡᠢ︔ ᠶᠡᠷᠤᠩᠬᠡᠶᠢᠯᠡᠭᠰᠡᠨ ᠵᠠᠰᠠᠯᠳᠠ ᠶᠢ ᠪᠠᠷᠢᠮᠳᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ | ᠪᠥᠷᠢᠳᠤ ᠲᠠᠯ᠎ᠠ ᠨᠤᠳᠤᠭ ᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠤᠯᠲᠡᠢ ᠲᠥᠯᠤᠪᠵᠢᠭᠦᠯᠤᠨ ᠠᠬᠢᠭᠤᠯᠵᠤ᠂ ᠲᠤᠭᠳᠠᠭᠤᠨ ᠠᠮᠢ ᠠᠬᠤᠢ ᠶᠢᠨ ᠬᠠᠮᠠᠭᠠᠯᠠᠯᠳᠠ ᠶᠢᠨ | ᠰᠢᠰᠲ᠋ᠧᠮ ᠢ ᠪᠠᠶᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠪᠠᠷᠢᠮᠳᠠᠯᠠᠵᠤ᠂ ᠬᠠᠮᠠᠭᠠᠯᠠᠯᠳᠠ ᠶᠢᠨ ᠳᠤᠮᠳᠠ ᠬᠥᠭᠵᠢᠭᠦᠯᠵᠤ᠂ ᠬᠥᠭᠵᠢᠯᠲᠡ ᠶᠢᠨ | ᠳᠤᠮᠳᠠ ᠬᠠᠮᠠᠭᠠᠯᠠᠵᠤ᠂ ᠬᠠᠮᠢᠶ᠎ᠠ ᠪᠥᠬᠦᠢ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠯ᠎ᠠ ᠨᠤᠳᠤᠭ ᠤᠨ ᠡᠬᠢ ᠪᠠᠶᠠᠯᠢᠭ ᠢ ᠵᠥᠢ ᠵᠤᠬᠢᠰᠳᠠᠢ ᠪᠠᠷ ᠠᠰᠢᠭᠯᠠᠬᠤ ᠶᠢ | ᠠᠬᠢᠭᠤᠯᠬᠤ ᠬᠡᠷᠡᠭᠲᠡᠢ︔ ᠮᠠᠯᠴᠢᠳ ᠢᠶᠠᠷ ᠭᠤᠤᠯ ᠴᠤᠭᠴᠠ ᠪᠤᠯᠭᠠᠬᠤ ᠶᠢ ᠪᠠᠷᠢᠮᠳᠠᠯᠠᠵᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠤᠷᠢ | ᠱᠠᠩᠨᠠᠯ ᠵᠡᠷᠭᠡ ᠠᠷᠠᠳ ᠲᠤ ᠠᠰᠢᠭ ᠬᠥᠷᠳᠡᠭᠡᠬᠦ ᠲᠥᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠮᠠᠯᠴᠢᠳ ᠤᠨ ᠬᠠᠤᠯᠢ ᠶᠤᠰᠤᠨ ᠤ ᠡᠷᠬᠡ ᠠᠰᠢᠭ ᠢ | ᠰᠠᠶᠢᠳᠤᠷ ᠬᠠᠮᠠᠭᠠᠯᠠᠬᠤ ᠬᠡᠷᠡᠭᠲᠡᠢ︔ ᠤᠯᠠᠨ ᠲᠠᠯ᠎ᠠ ᠠᠴᠠ ᠬᠤᠯᠪᠤᠭᠠᠯᠠᠨ ᠬᠥᠳᠡᠯᠤᠯᠴᠡᠬᠦ ᠶᠢ ᠪᠠᠷᠢᠮᠳᠠᠯᠠᠵᠤ᠂ ᠰᠠᠯᠠᠭ᠎ᠠ ᠮᠥᠴᠢᠷ ᠬᠠᠮᠵᠢᠯᠴᠠᠨ᠂ ᠠᠵᠢᠯ ᠤᠨ ᠨᠡᠶᠢᠯᠡᠮᠡᠯ | ᠬᠥᠴᠤᠨ ᠢ ᠪᠥᠷᠢᠯᠳᠦᠭᠦᠯᠬᠦ ᠬᠡᠷᠡᠭᠲᠡᠢ ᠭᠡᠵᠡᠢ᠃ | ᠴᠧᠨ ᠯᠢ ᠰᠢᠨ ᠢᠯᠡᠷᠬᠡᠶᠢᠯᠡᠬᠦ ᠳᠡᠭᠡᠨ᠂ ᠬᠥᠯᠤᠨ ᠪᠤᠶᠢᠷ ᠬᠤᠳᠠ ᠤᠯᠤᠰ ᠲᠥᠷᠤ ᠶᠢᠨ᠂ ᠪᠥᠬᠦ ᠲᠠᠯ᠎ᠠ ᠶᠢᠨ᠂ ᠪᠠᠶᠢᠯᠳᠤᠬᠤ ᠪᠤᠳᠤᠯᠭ᠎ᠠ ᠶᠢᠨ | ᠥᠨᠳᠤᠷᠴᠡ ᠠᠴᠠ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠥᠯᠬᠢᠨ ᠠᠬᠢᠭᠤᠯᠬᠤ ᠬᠥᠨᠳᠤ | ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠵᠤ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠥᠵᠡᠯ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠠᠴᠠ ᠬᠥᠯᠤᠨ ᠪᠤᠶᠢᠷ ᠲᠤ ᠲᠤᠰᠢᠶᠠᠵᠤ ᠥᠭᠬᠦᠭᠰᠡᠨ ᠡᠯ᠎ᠡ | ᠲᠥᠷᠤᠯ ᠤᠨ ᠠᠵᠢᠯ ᠤᠨ ᠡᠭᠦᠷᠭᠡ ᠶᠢ ᠡᠷᠡᠰ ᠪᠡᠶᠡᠯᠡᠭᠦᠯᠵᠤ᠂ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠴᠢᠬᠤᠯᠠ ᠬᠤᠪᠢ ᠨᠡᠮᠡᠷᠢ ᠥᠵᠡᠭᠦᠯᠤᠨ᠎ᠡ ᠭᠡᠵᠡᠢ᠃ | ᠤᠢᠢᠯᠠᠭᠠᠭᠰᠠᠨ ᠢᠶᠠᠷ᠂ 2011 ᠤᠨ ᠳᠤ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠤᠷᠢ ᠱᠠᠩᠨᠠᠯ ᠤᠨ ᠲᠥᠷᠤ ᠶᠢᠨ ᠪᠤᠳᠤᠯᠭ᠎ᠠ ᠶᠢ | ᠲᠤᠭᠳᠠᠭᠠᠭᠰᠠᠨ ᠠᠴᠠ ᠨᠠᠭᠠᠰᠢ᠂ ᠪᠥᠬᠦ ᠬᠤᠳᠠ ᠳᠤ ᠨᠡᠶᠢᠳᠡ 49.95 ᠳ᠋ᠥ᠋ᠩᠰᠢᠭᠤᠷ ᠲᠥᠬᠦᠷᠢᠭ ᠤᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ | ᠨᠥᠬᠦᠪᠤᠷᠢ ᠱᠠᠩᠨᠠᠯ ᠤᠨ ᠮᠥᠡᠭᠭᠦ ᠲᠠᠷᠬᠠᠭᠠᠪᠠ᠃ |