ᠵᠠᠯᠠᠶᠢᠨᠠᠭᠤᠷ ᠵᠠᠰᠠᠭ ᠦᠰᠦᠭ ﹇2020﹈ 63 ᠳ᠋ᠤᠭᠠᠷ ᠲᠣᠭᠠᠲᠤ | ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠲᠤᠬᠠᠶ ᠪᠠᠴᠢᠮ ᠮᠡᠳᠡᠭᠳᠡᠯ ᠪᠦᠬᠦ ᠲᠤᠭᠤᠷᠢᠭ ᠤᠨᠡᠯ᠎ᠡ ᠬᠠᠮᠢᠶ᠎ᠠ ᠪᠦᠬᠦᠢ ᠨᠢᠭᠡᠴᠡ ᠳᠤ᠄ | ᠦᠢᠷ᠎ᠠ ᠳᠤ ᠮᠠᠨ ᠤ ᠣᠷᠣᠨ ᠵᠠᠯᠭᠠᠭ᠎ᠠ ᠪᠠᠷ ᠪᠣᠷᠣᠭᠠᠨ ᠣᠷᠣᠬᠤ ᠶᠢ ᠳᠠᠭᠠᠯᠳᠤᠨ᠂ ᠭᠠᠵᠠᠷ ᠤᠨ ᠭᠠᠮᠰᠢᠭ ᠤᠷᠭᠢᠯ ᠤᠨ ᠬᠤᠭᠤᠴᠠᠭᠠᠨ ᠳᠤ ᠣᠷᠣᠵᠤ | ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠵᠠᠰᠠᠬᠤ ᠪᠠᠨ ᠦᠨᠡᠨᠬᠦ | ᠴᠢᠩᠭᠠᠳᠬᠠᠵᠤ᠂ ᠦᠶᠡᠷ ᠤᠨ ᠬᠤᠭᠤᠴᠠᠭᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠪᠣᠳᠠᠲᠠᠶ ᠱᠠᠭᠠᠷᠳᠠᠯᠭ᠎ᠠ ᠨᠢ | ᠳᠣᠤᠷᠠᠬᠢ ᠮᠡᠲᠦ᠄ | ᠨᠢᠭᠡ᠂ ᠭᠠᠵᠠᠷ ᠤᠨ ᠭᠠᠮᠰᠢᠭ ᠤᠨ ᠳᠠᠯᠳᠠ ᠭᠡᠮ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠭᠠᠵᠠᠷ ᠤᠨ ᠭᠠᠮᠰᠢᠭ ᠤᠨ ᠦᠶᠡᠷ ᠤᠨ ᠬᠤᠭᠤᠴᠠᠭ᠎ᠠ ᠶᠢ | ᠳᠠᠬᠢᠨ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠪᠡᠯᠡᠳᠬᠡᠯ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠢᠨ᠎ᠡ ᠪᠠᠷ ᠢᠯᠡᠷᠡᠭᠦᠯᠦᠭᠰᠡᠨ ᠭᠠᠵᠠᠷ ᠤᠨ ᠭᠠᠮᠰᠢᠭ ᠤᠨ ᠴᠡᠭ᠂ ᠲᠠᠯᠳᠠ ᠭᠡᠮ ᠤᠨ ᠴᠢᠭ ᠤᠨ | ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠡ ᠳᠤ ᠴᠠᠭ ᠲᠤᠬᠠᠢ ᠲᠤᠨᠢ ᠮᠡᠳᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠡ | ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠢᠶᠠᠨ ᠠᠵᠢᠯ ᠤᠨ | ᠣᠨᠴᠠᠭᠠᠢ ᠴᠡᠭ ᠲᠤ ᠴᠢᠭᠯᠡᠭᠦᠯᠦᠨ᠂ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠳᠠᠯᠤᠯᠲᠠ ᠬᠢᠵᠦ᠂ ᠠᠷᠭᠠᠴᠠᠬᠤ | ᠲᠥᠰᠦᠯ ᠲᠣᠭᠲᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠪᠤᠰᠤ ᠳᠠᠯᠳᠠ ᠭᠡᠮ ᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠢᠵᠠᠭᠠᠷᠯᠠᠬᠤ ᠬᠤᠭᠤᠴᠠᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠬᠤ ᠬᠡᠷᠡᠭᠲᠡᠶ᠃ | ᠬᠤᠶᠠᠷ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠬᠤ ᠡᠯ᠎ᠡ ᠬᠤᠯᠪᠣᠭᠳᠠᠯ ᠪᠦᠬᠦᠢ ᠨᠢᠭᠡᠴᠡ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠰᠣᠭᠤᠭ ᠢ ᠤᠷᠢᠳᠴᠢᠯᠠᠨ ᠰᠡᠷᠭᠡᠶᠢᠯᠡᠬᠦ ᠪᠠ ᠭᠦᠨᠵᠡᠭᠡᠶ ᠴᠡᠭᠴᠡᠯᠡᠨ | ᠰᠠᠶᠢᠵᠢᠷᠠᠭᠤᠯᠤᠨ᠎ᠠ︔ ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠪᠦᠬᠦᠯᠢ ᠡᠳᠦᠷ ᠢᠶᠠᠷ | ᠵᠢᠵᠢᠭᠦᠷᠯᠡᠬᠦ ᠳᠦᠷᠢᠮ ᠢ ᠨᠠᠷᠢᠨ ᠪᠣᠯᠭᠠᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠤᠪᠤᠷᠠᠯ ᠢ ᠬᠤᠪᠢᠷᠠᠭᠤᠯᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠬᠦ ᠬᠡᠷᠡᠭᠲᠡᠶ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠭᠠᠵᠠᠷ | ᠰᠢᠨᠵᠢᠯᠡᠭᠡᠨ ᠤ ᠭᠠᠮᠰᠢᠭ ᠪᠤᠶᠤ ᠠᠳᠡᠯ ᠭᠠᠷᠬᠤ ᠣᠶᠢᠶ᠎ᠠ ᠳᠤ᠂ ᠭᠠᠮᠰᠢᠭ ᠤᠨ ᠡᠮᠦᠨ᠎ᠡ ᠠᠶᠤᠯ ᠠᠴᠠ ᠵᠠᠶᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠬᠢᠵᠦ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ | ᠭᠤᠷᠪᠠ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠡᠯ᠎ᠡ ᠪᠠᠯᠭᠠᠰᠤ ᠵᠢᠴᠢ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠬᠦ ᠳᠦᠷᠢᠮ ᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ 24 ᠴᠠᠭ ᠤᠨ ᠪᠦᠬᠦ ᠡᠳᠦᠷ ᠢᠶᠠᠷ ᠵᠢᠵᠢᠭᠦᠷᠯᠡᠬᠦ ᠶᠢ ᠬᠡᠷᠡᠭᠵᠢᠭᠦᠯᠦᠨ᠎ᠡ᠃ ᠵᠢᠵᠢᠭᠦᠷᠯᠡᠭᠴᠢ ᠲᠤᠰ ᠬᠠᠷᠢᠶ᠎ᠠ ᠣᠷᠣᠨ ᠤ ᠪᠠᠨ | ᠳᠠᠯᠳᠠ ᠭᠡᠮ ᠲᠠᠢ ᠭᠠᠵᠠᠷ ᠤᠨ ᠪᠣᠳᠠᠲᠤ ᠪᠠᠢᠳᠠᠯ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ | ᠪᠠᠲᠤᠯᠠᠵᠤ᠂ ᠭᠠᠮᠰᠢᠭ ᠤᠨ ᠪᠠᠶᠢᠳᠠᠯ ᠲᠦᠭᠰᠢᠭᠦᠷᠢ ᠡᠭᠦᠰᠬᠦ ᠦᠶ᠎ᠡ ᠳᠤ ᠴᠠᠭ ᠲᠤᠬᠠᠶ ᠳᠤᠨᠢ ᠳᠡᠭᠡᠭᠰᠢ ᠤᠯᠠᠮᠵᠢᠯᠠᠨ ᠪᠠᠭᠤᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠠᠯᠠᠶᠢᠨᠠᠭᠤᠷ ᠲᠣᠭᠤᠷᠢᠭ ᠤᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ 24 ᠴᠠᠭ ᠤᠨ ᠵᠢᠵᠢᠭᠦᠷᠯᠡᠬᠦ ᠤᠲᠠᠰᠤ᠄ 0470 — 6550900 ︵ᠡᠳᠦᠷ︶᠂ | 13848906008 ︵ᠰᠥᠨᠢ︶᠃ | 2020 ᠣᠨ ᠤ 8 ᠰᠠᠷ᠎ᠠ ᠶᠢᠨ 18 ᠤ ᠡᠳᠦᠷ |