ᠵᠠᠯᠠᠶᠢᠨᠠᠭᠤᠷ ᠤᠨ ᠲᠦᠢᠮᠣ ᠪᠠᠶᠢᠳᠠᠯ | ᠵᠠᠯᠠᠶᠢᠨᠠᠭᠤᠷ ᠲᠤᠭᠤᠷᠢᠭ ᠬᠥᠯᠥᠨ ᠪᠤᠶᠢᠷ ᠤᠨ ᠲᠠᠯ᠎ᠠ ᠨᠤᠲᠤᠭ ᠤᠨ ᠪᠠᠷᠠᠭᠤᠨ ᠬᠡᠰᠡᠭ ᠲᠤ ᠪᠠᠶᠢᠷᠢᠯᠠᠨ᠎ᠠ᠃ ᠵᠡᠭᠦᠨ | ᠤᠷᠲᠤᠷᠢᠭ ᠤᠨ 117°12′-117°53′᠂ ᠤᠮᠠᠷᠠᠲᠤ ᠥᠷᠭᠡᠷᠢᠭ ᠤᠨ 49°19′-49°46′ | ᠃ ᠣᠷᠣᠨ ᠪᠦᠰᠡ ᠨᠢ ᠳᠦᠷᠢᠮ ᠦᠭᠡᠢ ᠤᠷᠲᠤ ᠵᠤᠷᠪᠤᠰ ᠪᠠᠶᠢᠵᠤ ᠂ ᠵᠡᠭᠦᠨᠰᠢ ᠪᠠᠷᠠᠭᠤᠨᠰᠢ ᠬᠠᠮᠤᠭ ᠤᠷᠲᠤ ᠳᠠᠭᠠᠨ | 49.77 ᠺᠢᠯᠣᠮᠧᠲᠷ᠂ ᠡᠮᠦᠨᠡᠲᠦ ᠤᠮᠠᠷᠠᠲᠤ ᠶᠢᠨ ᠬᠠᠮᠤᠭ ᠥᠷᠭᠡᠨ ᠳᠡᠭᠡᠨ 49.83 ᠺᠢᠯᠣᠮᠧᠲᠷ ᠪᠠᠶᠢᠵᠤ᠂ | ᠶᠡᠷᠦᠩᠬᠡᠶ ᠲᠠᠯᠠᠪᠠᠶ ᠨᠢ 311.97 ︵270︶ ᠲᠡᠭᠰᠢ ᠳᠥᠷᠪᠡᠯᠵᠢᠨ ᠺᠢᠯᠣᠮᠧᠲᠷ᠂ ᠲᠣᠭᠤᠷᠢᠭ ᠤᠨ ᠲᠠᠯᠠᠪᠠᠶ ᠨᠢ | 34.9 ᠲᠡᠭᠰᠢ ᠳᠥᠷᠪᠡᠯᠵᠢᠨ ᠺᠢᠯᠣᠮᠧᠲᠷ᠃ ᠵᠡᠭᠦᠨ ᠰᠢᠨ᠎ᠡ ᠪᠠᠷᠭᠤ ᠵᠡᠭᠦᠨ ᠬᠤᠰᠢᠭᠤ ᠲᠠᠢ ᠵᠠᠬ᠎ᠠ ᠨᠡᠶᠢᠯᠡᠵᠦ | ᠡᠮᠦᠨᠡᠲᠦ ᠳᠤᠮᠳᠠᠳᠤ ᠤᠯᠤᠰ ᠤᠨ ᠲᠠᠪᠤᠳᠤᠭᠠᠷ ᠶᠡᠭᠡ ᠴᠡᠩᠭᠡᠭ ᠨᠠᠭᠤᠷ ᠤᠨ ᠬᠥᠯᠥᠨ ᠨᠠᠭᠤᠷ ᠲᠠᠢ ᠬᠠᠪᠢᠳᠠᠵᠤ᠂ | ᠰᠢᠨ᠎ᠡ ᠪᠠᠷᠭᠤ ᠪᠠᠷᠠᠭᠤᠨ ᠬᠤᠰᠢᠭᠤ ᠲᠠᠢ ᠵᠠᠯᠭᠠᠯᠳᠤᠵᠤ᠂ ᠪᠠᠷᠠᠭᠤᠨᠰᠢ ᠮᠠᠨᠵᠤᠤᠷ ᠬᠤᠲᠠ ᠲᠠᠢ ᠬᠥᠷᠰᠢᠯᠡᠵᠦ᠂ | ᠤᠮᠠᠷᠠᠲᠤ ᠶᠢᠨ ᠡᠯ ᠺᠠ ᠪᠣᠭᠤᠮᠲᠠ ᠪᠠᠷ ᠥᠩᠭᠡᠷᠡᠵᠦ᠂ ᠣᠷᠣᠰ ᠤᠨ ᠴᠢᠲ᠋ᠠ ᠵᠧᠤ ᠶᠢᠨ ᠠᠪᠠᠭᠠᠢᠢᠲᠤ ᠶᠢᠨ ᠤᠰᠤ | ᠬᠠᠭᠤᠷᠠᠶ ᠲᠠᠢ ᠨᠡᠪᠲᠡᠷᠡᠵᠦ ᠪᠠᠶᠢᠨ᠎ᠠ᠃ | ᠵᠠᠯᠠᠶᠢᠨᠠᠭᠤᠷ ᠨᠢ ︽ᠳᠠᠯᠠᠢ ᠨᠠᠭᠤᠷ︾ ᠭᠡᠳᠡᠭ᠃ ︽ᠳᠠᠯᠠᠶ ᠠᠳᠠᠯᠢ ᠨᠠᠭᠤᠷ︾ ᠭᠡᠰᠡᠨ ᠤᠳᠬ᠎ᠠ ᠲᠠᠢ᠃ | 1901 ᠣᠨ ᠳᠤ᠂ ᠴᠠᠭᠠᠨ ᠬᠠᠭᠠᠨᠲᠤ ᠣᠷᠣᠰ ᠤᠨ ︽ᠭᠠᠵᠠᠷ ᠵᠢᠭᠡᠯᠡᠵᠦ︾ ᠪᠠᠶᠢᠭᠤᠯᠤᠭᠰᠠᠨ ᠵᠡᠭᠦᠨ ᠴᠢᠩ | ᠤᠯᠤᠰ ᠤᠨ ᠲᠡᠮᠦᠷ ᠵᠠᠮ ᠨᠢ ᠡᠨᠡ ᠭᠠᠵᠠᠷ ᠢᠶᠠᠷ ᠥᠩᠭᠡᠷᠡᠵᠦ᠂ ᠥᠷᠲᠡᠭᠡᠨ ᠤ ᠨᠡᠷ᠎ᠡ ᠶᠢ ᠣᠷᠴᠢᠭᠤᠯᠵᠤ ᠪᠢᠴᠢᠬᠦ ᠳᠡᠭᠡᠨ | ︽ᠳᠠᠯᠠᠢ ᠨᠠᠭᠤᠷ︾ ᠤᠨ ᠠᠶ᠎ᠠ ᠶᠢ ︽ᠵᠠᠯᠠᠶᠢᠨᠠᠭᠤᠷ︾ ᠪᠣᠯᠭᠠᠪᠠ᠃ ᠵᠠᠯᠠᠶᠢᠨᠠᠭᠤᠷ ᠡᠭᠦᠨ ᠠᠴᠠ ᠪᠣᠯᠵᠤ ᠠᠯᠳᠠᠷᠰᠢᠵᠠᠶ᠃ | 1945 ᠣᠨ ᠳᠤ ᠵᠠᠯᠠᠶᠢᠨᠠᠭᠤᠷ ᠬᠤᠲᠠ ᠪᠠᠢᠭᠤᠯᠤᠭᠳᠠᠵᠤ᠂ 1949 ᠣᠨ ᠳᠤ ᠮᠠᠨᠵᠤᠤᠷ ᠬᠤᠲᠠ ᠳᠤ | ᠬᠠᠷᠢᠶᠠᠯᠠᠭᠳᠠᠵᠤ᠂ 2013 ᠣᠨ ᠤ 3 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ | ᠰᠢᠶᠠᠨ ᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠦᠷᠢᠮ ᠢ ᠰᠡᠷᠭᠦᠭᠡᠪᠡ᠃ ᠮᠠᠨᠵᠤᠤᠷ ᠬᠤᠲᠠ | ᠣᠷᠣᠯᠠᠨ ᠬᠠᠮᠢᠶᠠᠷᠤᠨ᠎ᠠ᠃ | ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠳᠤ ︽ᠵᠠᠯᠠᠶᠢᠨᠠᠭᠤᠷ ᠬᠥᠮᠦᠨ︾ ᠠᠳᠡ ᠦᠷᠡᠵᠢᠨ | ᠠᠮᠢᠳᠤᠷᠠᠵᠤ᠂ ᠠᠯᠳᠠᠷᠳᠤ ︽ᠵᠠᠯᠠᠶᠢᠨᠠᠭᠤᠷ ᠤᠨ ᠰᠣᠶᠣᠯ︾ ᠢ ᠡᠭᠦᠳᠴᠡᠶ᠃ ᠵᠠᠯᠠᠶᠢᠨᠠᠭᠤᠷ ᠪᠣᠯ ᠨᠢᠭᠡᠨ | ᠠᠭᠤᠷᠬᠠᠶ ᠶᠢᠨ ᠬᠥᠪᠡᠭᠡ ᠪᠠᠷ ᠪᠠᠶᠢᠭᠤᠯᠤᠭᠰᠠᠨ᠂ ᠨᠡᠭᠦᠷᠡᠰᠦ ᠪᠠᠷ ᠬᠥᠭᠵᠢᠭᠰᠡᠨ ᠦᠢᠯᠡᠳᠪᠦᠷᠢ ᠠᠭᠤᠷᠬᠠᠶ ᠶᠢᠨ | ᠬᠤᠲᠠ ᠪᠣᠯᠤᠨ᠎ᠠ᠃ 1902 ᠣᠨ ᠠᠴᠠ ᠡᠬᠢᠯᠡᠵᠦ᠂ ᠵᠠᠭᠤ ᠭᠠᠷᠤᠶ ᠵᠢᠯ ᠤᠨ ᠨᠡᠭᠡᠭᠡᠨ ᠮᠠᠯᠲᠠᠬᠤ ᠶᠠᠪᠤᠴᠠ ᠨᠢ | ᠵᠠᠯᠠᠶᠢᠨᠠᠭᠤᠷ ᠲᠤ ᠣᠨᠴᠠ ᠪᠠᠶᠢᠳᠠᠭ ︽ᠵᠠᠭᠤᠨ ᠵᠢᠯ ᠤᠨ ᠠᠭᠤᠷᠬᠠᠶ ᠶᠢᠨ ᠪᠣᠯᠪᠠᠰᠤᠨ︾ ᠢ ᠪᠦᠷᠢᠯᠳᠦᠭᠦᠯᠵᠡᠶ᠃ | 1984 ᠣᠨ ᠳᠤ᠂ ᠨᠡᠭᠦᠷᠡᠰᠦᠨ ᠠᠭᠤᠷᠬᠠᠶ ᠶᠢ ᠨᠡᠭᠡᠭᠡᠨ ᠮᠠᠯᠲᠠᠬᠤ ᠶᠠᠪᠤᠴᠠ ᠳᠤ᠂ ᠮᠠᠨ ᠤ ᠤᠯᠤᠰ ᠤᠨ | ᠠᠩᠬᠠᠳᠠᠭᠴᠢ ᠨᠡᠯᠢᠶᠡᠳ ᠪᠦᠷᠢᠨ ᠪᠦᠲᠦᠨ ᠠᠷᠰᠯᠡᠨ ᠵᠠᠭᠠᠨ ᠴᠢᠯᠠᠭᠤᠵᠢᠮᠠᠯ ᠢ ᠢᠯᠡᠷᠡᠭᠦᠯᠦᠭᠰᠡᠨ ᠤ ᠳᠠᠷᠠᠭ᠎ᠠ᠂ ᠪᠠᠰᠠ | ᠵᠠᠯᠭᠠᠭ᠎ᠠ ᠪᠠᠷ ᠬᠤᠶᠠᠷ ᠰᠠᠭᠤᠷᠢ ᠮᠠᠯᠲᠠᠵᠤ᠂ ᠲᠡᠭᠦᠨ ᠤ ᠳᠣᠲᠣᠷᠠᠬᠢ ᠨᠢᠭᠡ ᠨᠢ ᠮᠠᠨ ᠤ ᠤᠯᠤᠰ ᠤᠨ ᠣᠳᠣ ᠪᠣᠯᠲᠠᠯ᠎ᠠ | ᠢᠯᠡᠷᠡᠭᠦᠯᠦᠭᠰᠡᠨ ᠠᠷᠤᠭ ᠶᠠᠰᠤᠨ ᠤ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠠᠷᠰᠯᠡᠨ ᠵᠠᠭᠠᠨ | ᠴᠢᠯᠠᠭᠤᠵᠢᠮᠠᠯ ᠪᠠᠶᠢᠵᠤ᠂ ᠳᠡᠯᠡᠬᠡᠶ ᠳᠡᠭᠡᠷ᠎ᠡ ᠴᠦ ᠬᠤᠪᠣᠷᠬᠠᠨ ᠪᠠᠶᠢᠳᠠᠭ᠃ ᠡᠶᠢᠮᠦ ᠠᠴᠠ ᠵᠠᠯᠠᠶᠢᠨᠠᠭᠤᠷ ᠨᠢ | ᠤᠤᠯ ᠠᠴᠠ ᠪᠠᠨ ︽ ᠠᠷᠰᠯᠡᠨ ᠵᠠᠭᠠᠨᠨᠤᠲᠤᠭ ᠂ ᠲᠠᠯ᠎ᠠ ᠨᠤᠲᠤᠭ ᠤᠨ ᠨᠡᠭᠦᠷᠡᠰᠦᠨ ᠬᠤᠲᠠ︾ ᠭᠡᠰᠡᠨ ᠰᠠᠶᠢᠬᠠᠨ | ᠠᠯᠳᠠᠷᠲᠠᠶ ᠶᠤᠮ᠃ | ᠵᠠᠯᠠᠶᠢᠨᠠᠭᠤᠷ ᠲᠣᠭᠤᠷᠢᠭ 1 ᠯᠢᠩ ᠴᠢᠤᠸᠠᠨ ᠪᠠᠯᠭᠠᠰᠤ᠂ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | 21 ᠨᠡᠶᠢᠭᠡᠮ ᠲᠣᠭᠤᠷᠢᠭ᠂ ᠨᠢᠭᠡ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠶ᠋ᠯᠡᠳᠪᠦᠷᠢ ᠶᠢᠨ | ᠬᠦᠷᠢᠶᠡᠯᠡᠩ ᠲᠣᠭᠤᠷᠢᠭ ᠲᠠᠢ᠃ ᠬᠢᠯᠢ ᠶᠢᠨ ᠳᠣᠲᠣᠷ᠎ᠠ ᠬᠤᠸᠠ ᠨᠤᠩ ᠨᠡᠭᠦᠷᠡᠰᠦᠨ ᠤ ᠺᠣᠮᠫᠠᠨᠢ ᠪᠣᠯᠤᠨ ᠬᠥᠯᠥᠨ | ᠨᠠᠭᠤᠷ ᠤᠨ ᠵᠢᠭᠠᠰᠤᠨ ᠠᠵᠤ ᠠᠬᠤᠶ ᠶᠢᠨ ᠺᠣᠮᠫᠠᠨᠢ ᠰᠠᠭᠤᠷᠢᠰᠢᠵᠤ ᠪᠠᠶᠢᠨ᠎ᠠ᠃ ᠬᠥᠮᠦᠨ ᠠᠮᠠ 15 ᠲᠦᠮᠡ᠂ | ᠬᠢᠲᠠᠳ᠂ ᠮᠣᠩᠭᠤᠯ᠂ ᠬᠤᠲᠣᠩ᠂ ᠮᠠᠨᠵᠤ᠂ ᠳᠠᠭᠤᠷ᠂ ᠤᠷᠤᠰ᠂ ᠰᠣᠯᠣᠩᠭᠤᠰ ᠵᠡᠷᠭᠡ 17 ᠦᠨᠳᠦᠰᠦᠲᠡᠨ ᠢᠶᠠᠷ | ᠪᠦᠷᠢᠯᠳᠦᠪᠡ᠃ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 1.5 ᠲᠦᠮᠡ ᠰᠢᠬᠠᠮ ᠪᠠᠶᠢᠨ᠎ᠠ᠃ | ᠤᠶᠢᠷ᠎ᠠ ᠶᠢᠨ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠡᠭᠡᠯᠲᠡ ᠶᠢᠨ ᠣᠷᠣᠨ ᠢ ᠬᠥᠭᠵᠢᠭᠦᠯᠬᠦ᠂ ᠠᠵᠤ ᠦᠶ᠋ᠯᠡᠳᠪᠦᠷᠢ ᠶᠢ | ᠪᠠᠶᠠᠯᠢᠭᠵᠢᠭᠤᠯᠬᠤ᠂ ᠰᠣᠶᠣᠯ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ᠂ ᠵᠢᠭᠤᠯᠴᠢᠯᠠᠯ ᠤᠨ ᠨᠡᠷᠡᠲᠦ ᠣᠷᠣᠨ ᠢ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠡᠶ᠃ ︽ᠬᠤᠶᠠᠷ ᠰᠠᠭᠤᠷᠢᠨ ᠭᠠᠵᠠᠷ᠂ ᠬᠤᠶᠠᠷ | ᠵᠢᠱᠢᠶ᠎ᠡ ᠦᠵᠡᠭᠦᠯᠬᠦ᠂ ᠨᠢᠭᠡ ᠭᠡᠷ ᠣᠷᠣᠨ︾ ︵ᠡᠨᠧᠷᠭᠢ ᠶᠢ ᠨᠡᠭᠡᠭᠡᠨ ᠬᠥᠭᠵᠢᠭᠦᠯᠵᠦ ᠬᠤᠪᠢᠷᠠᠭᠤᠯᠬᠤ ᠰᠠᠭᠤᠷᠢᠨ | ᠭᠠᠵᠠᠷ ᠢ ᠪᠠᠲᠤᠳᠬᠠᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠡᠬᠢ ᠪᠠᠶᠠᠯᠢᠭ ᠢ ᠪᠣᠯᠪᠠᠰᠤᠷᠠᠭᠤᠯᠤᠨ | ᠦᠢᠯᠡᠳᠬᠦ ᠰᠠᠭᠤᠷᠢᠨ ᠭᠠᠵᠠᠷ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ | ᠣᠷᠣᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠣᠷᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠭᠡᠷ ᠣᠷᠣᠨ︶ | ᠬᠥᠭᠵᠢᠯᠲᠡ ᠶᠢᠨ ᠬᠠᠷᠠᠯᠲᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ | ᠢᠯᠠᠯᠲᠠ ᠶᠢ ᠣᠯᠬᠤ ᠠᠯᠬᠤᠴᠠ ᠶᠢ ᠲᠦᠷᠭᠡᠳᠬᠡᠵᠦ᠂ ᠪᠠᠶᠠᠨ ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ | ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠵᠠᠯᠠᠶᠢᠨᠠᠭᠤᠷ ᠰᠢᠨ᠎ᠡ ᠪᠠᠶᠢᠳᠠᠯ ᠢ ᠪᠦᠬᠦ ᠲᠠᠯ᠎ᠠ ᠪᠠᠷ ᠪᠣᠢ ᠪᠣᠯᠭᠠᠨ᠎ᠠ᠃ | |