ᠳᠤᠤᠷᠠᠬᠢ ᠦᠢᠯᠡ ᠠᠵᠢᠯᠯᠠᠭ᠎ᠠ ᠶᠢᠨ ᠨᠢᠬᠡ ᠨᠢ ᠪᠠᠶᠢᠪᠠᠯ᠂ ᠠᠷᠪᠠᠨ ᠡᠳᠦᠷ ᠠᠴᠠ ᠳᠡᠭᠡᠭᠰᠢ ᠠᠷᠪᠠᠨ ᠳᠠᠪᠤᠨ | ᠡᠳᠦᠷ ᠠᠴᠠ ᠳᠤᠭᠤᠬᠰᠢ ᠲᠦᠷ ᠬᠤᠷᠢᠬᠤ ᠪᠠᠷ ᠰᠢᠢᠳᠬᠡᠵᠦ᠂ ᠳᠠᠪᠤᠨ ᠵᠠᠭᠤᠨ ᠲᠦᠬᠦᠷᠢᠭ ᠠᠴᠠ ᠳᠡᠭᠡᠭᠰᠢ ᠮᠢᠩᠭᠠᠨ | ᠲᠦᠬᠦᠷᠢᠭ ᠠᠴᠠ ᠳᠤᠭᠤᠬᠰᠢ ᠵᠤᠭᠤᠰ ᠢᠶᠠᠷ ᠳᠤᠷᠭᠠᠬᠤ ᠪᠠᠷ ᠨᠠᠶᠢᠯᠠᠬᠦᠯᠦᠨ ᠰᠢᠢᠳᠭᠡᠨ᠎ᠠ᠃ ᠦᠢᠯᠡ ᠪᠠᠶᠢᠳᠠᠯ ᠨᠢ | ᠨᠡᠯᠢᠶᠡᠳ ᠬᠦᠩᠬᠡᠨ ᠪᠠᠶᠢᠪᠠᠯ ᠳᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠤᠭᠤᠬᠰᠢ ᠲᠦᠷ ᠬᠤᠷᠢᠬᠤ ᠪᠠᠷ | ᠰᠢᠢᠳᠬᠡᠵᠦ᠂ ᠬᠤᠶᠠᠷ ᠵᠠᠭᠤᠨ ᠲᠦᠬᠦᠷᠢᠭ ᠠᠴᠠ ᠳᠡᠭᠡᠭᠰᠢ ᠳᠠᠪᠤᠨ ᠵᠠᠭᠤᠨ ᠲᠦᠬᠦᠷᠢᠭ ᠠᠴᠠ ᠳᠤᠭᠤᠬᠰᠢ | ᠵᠤᠭᠤᠰ ᠢᠶᠠᠷ ᠳᠤᠷᠭᠠᠬᠤ ᠪᠠᠷ ᠨᠡᠶᠢᠯᠡᠬᠦᠯᠦᠨ ᠰᠢᠢᠳᠭᠡᠨ᠎ᠠ᠄ | ︵ᠨᠢᠬᠡ︶ ᠪᠦᠬᠦᠯᠢ ᠠᠷᠪᠠᠨ ᠵᠢᠷᠭᠤᠭᠠᠨ ᠨᠠᠰᠤ ᠬᠦᠷᠦᠬᠡᠳᠦᠢ ᠬᠦᠮᠦᠨ ᠪᠤᠶᠤ ᠵᠠᠮᠳᠡᠭ ᠬᠦᠮᠦᠨ ᠢ ᠵᠤᠬᠢᠶᠠᠨ | ᠪᠠᠶᠢᠭᠤᠯᠵᠤ᠂ ᠠᠶᠤᠯᠭᠠᠨ ᠰᠦᠷᠳᠡᠬᠦᠯᠵᠦ᠂ ᠬᠠᠭᠤᠷᠤᠨ ᠮᠡᠬᠡᠯᠡᠵᠦ ᠪᠠᠶᠢᠭᠠᠳ ᠬᠠᠷᠬᠢᠰ ᠬᠡᠷᠴᠡᠭᠡᠢ ᠰᠦᠷᠳᠡᠬᠦᠯᠦᠯ ᠤᠨ | ᠠᠵᠢᠯᠯᠠᠭ᠎ᠠ ᠭᠢᠭᠰᠡᠨ︔ | ︵ᠬᠤᠶᠠᠷ︶ ᠬᠦᠴᠦᠷᠭᠡᠭᠯᠡᠯ ᠰᠦᠷᠳᠡᠬᠦᠯᠦᠯ ᠪᠤᠶᠤ ᠪᠤᠰᠤᠳ ᠠᠷᠭ᠎ᠠ ᠪᠠᠷᠢᠯ ᠢᠶᠠᠷ ᠪᠤᠰᠤᠳ ᠢ ᠠᠯᠪᠠᠳᠠᠨ | ᠬᠦᠳᠡᠯᠮᠦᠷᠢᠯᠡᠬᠦᠯᠦᠭᠰᠡᠨ︔ | ︵ᠭᠤᠷᠪᠠ︶ ᠪᠤᠰᠤᠳ ᠤᠨ ᠪᠡᠶ᠎ᠠ ᠶᠢᠨ ᠡᠷᠬᠡ ᠶᠢ ᠬᠠᠤᠯᠢ ᠪᠤᠰᠤ ᠪᠠᠷ ᠬᠢᠵᠠᠭᠠᠷᠯᠠᠬᠰᠠᠨ᠂ ᠬᠠᠤᠯᠢ ᠪᠤᠰᠤ ᠪᠠᠷ | ᠪᠤᠰᠤᠳ ᠤᠨ ᠤᠷᠤᠨ ᠰᠠᠭᠤᠴᠠ ᠳᠤ ᠲᠦᠷᠢᠨ ᠤᠷᠤᠬᠰᠠᠨ ᠪᠤᠶᠤ ᠪᠤᠰᠤᠳ ᠤᠨ ᠪᠡᠶ᠎ᠠ ᠶᠢ ᠬᠠᠤᠯᠢ ᠪᠤᠰᠤ ᠪᠠᠷ | ᠨᠡᠩᠵᠢᠭᠰᠡᠨ᠃ |