ᠬᠡᠮᠵᠢᠶᠡᠨ ᠤ ᠳᠠᠯ᠎ᠠ ᠠᠴᠠ ᠶᠠᠷᠢᠪᠠᠯ᠂ 100 ᠭᠷᠡᠮ ᠳᠦᠭᠦᠬᠡᠢ ᠢᠳᠡᠰᠢᠨ ᠨᠤᠭᠤᠭ᠎ᠠ ᠶᠢ ᠪᠤᠯᠭᠤᠭᠰᠠᠨ ᠤ | ᠳᠠᠷᠠᠭ᠎ᠠ ᠶᠡᠭᠡ ᠪᠠᠭ᠎ᠠ ᠨᠢ ᠪᠠᠷᠤᠭ ᠨᠢᠭᠡ ᠳᠤᠤᠷ ᠪᠦᠮᠪᠦᠭᠡ ᠶᠢᠨ ᠬᠢᠷᠢ ᠪᠤᠯᠳᠠᠭ᠂ ᠳᠡᠶᠢᠮᠦ ᠠᠴᠠ ᠡᠳᠦᠷ ᠲᠤ 5 ᠳᠤᠤᠷ | ᠪᠦᠮᠪᠦᠭᠡ ᠶᠢᠨ ᠬᠢᠷᠢ ᠢᠳᠡᠰᠢᠨ ᠨᠤᠭᠤᠭ᠎ᠠ ᠢᠳᠡᠬᠦ ᠳᠤ ᠯᠡ 500 ᠭᠷᠡᠮ ᠳᠦᠭᠦᠬᠡᠢ ᠢᠳᠡᠰᠢᠨ ᠨᠤᠭᠤᠭ᠎ᠠ | ᠢᠳᠡᠭᠰᠡᠨ ᠲᠠᠢ ᠳᠡᠩᠴᠡᠨ᠎ᠠ᠃ | 1. ᠬᠤᠭᠤᠯᠨ ᠪᠤᠯᠭᠠᠨ ᠪᠦᠷ ᠢᠳᠡᠰᠢᠨ ᠨᠤᠭᠤᠭ᠎ᠠ ᠪᠡᠯᠡᠳᠭᠡᠨ᠎ᠡ᠃ ᠨᠢᠭᠡ ᠡᠷᠢᠨ ᠤ ᠬᠤᠭᠤᠯᠠᠨ ᠤ | ᠬᠠᠭᠠᠰ ᠢ ᠨᠢ ᠢᠳᠡᠰᠢᠨ ᠨᠤᠭᠤᠭ᠎ᠠ ᠡᠵᠡᠯᠡᠵᠦ ᠪᠠᠶᠢᠬᠤ ᠶᠢ ᠪᠠᠳᠤᠯᠠᠨ᠎ᠠ᠃ ᠳᠡᠭᠡᠪᠡᠯ ᠰᠠᠶ᠋ᠢ 300 — 500 | ᠭᠷᠡᠮ ᠤᠨ ᠬᠠᠷᠠᠯᠳᠠ ᠪᠠᠨ ᠪᠡᠶᠡᠯᠡᠭᠦᠯᠵᠦ ᠳᠡᠶᠢᠯᠦᠨ᠎ᠠ᠃ | 2. ᠭᠠᠷ ᠤᠨ ᠦᠵᠦᠭᠦᠷ ᠳᠠᠯᠪᠢᠨ᠎ᠠ᠃ ᠠᠮᠧᠷᠢᠺᠠ ᠶᠢᠨ ᠬᠢᠨ ᠤ ᠨᠢᠭᠡ ᠰᠤᠳᠤᠯᠭᠠᠨ ᠠᠴᠠ ᠦᠵᠡᠪᠡᠯ᠂ | ᠬᠦᠷᠦᠭᠡᠭᠦᠷ ᠤᠨ ᠬᠠᠭᠠᠯᠭ᠎ᠠ ᠶᠢ ᠤᠩᠭᠤᠢᠢᠯᠭᠠᠬᠤ ᠲᠠᠢ ᠵᠡᠷᠭᠡ ᠨᠢᠳᠤᠨ ᠳᠤ ᠦᠷᠳᠦᠳᠡᠭ ᠳᠡᠷᠡ ᠢᠳᠡᠭᠡᠨ ᠤ ᠵᠦᠢᠯ ᠢ | ᠰᠤᠩᠭᠤᠵᠤ ᠢᠳᠡᠬᠦ ᠳᠤᠬᠢᠶᠠᠯᠳᠤᠯ ᠨᠢ ᠬᠤᠶᠠᠷ ᠳᠠᠬᠢᠨ ᠢᠶᠠᠷ ᠦᠨᠳᠦᠷ ᠪᠠᠶᠢᠳᠠᠭ ᠪᠠᠶᠢᠨ᠎ᠠ᠂ ᠳᠡᠶᠢᠮᠦ ᠠᠴᠠ ᠢᠳᠡᠰᠢᠨ | ᠨᠤᠭᠤᠭ᠎ᠠ ᠪᠠᠨ ᠨᠢᠳᠤᠨ ᠳᠤ ᠦᠵᠡᠭᠳᠡᠳᠡᠭ ᠭᠠᠷ ᠲᠤ ᠪᠠᠷᠢᠬᠳᠠᠳᠠᠭ ᠭᠠᠵᠠᠷ ᠳᠠᠯᠪᠢᠬᠤ ᠨᠢ ᠳᠤᠩ ᠴᠢᠬᠤᠯᠠ᠃ | 3 ᠂ ᠰᠢᠨ᠎ᠡ ᠰᠡᠪᠡᠭᠦᠨ ᠢᠳᠡᠬᠦ ᠠᠷᠭ᠎ᠠ ᠶᠢ ᠳᠤᠷᠰᠢᠵᠤ ᠪᠤᠯᠤᠨ᠎ᠠ᠃ ᠢᠳᠡᠰᠢᠨ ᠨᠤᠭᠤᠭ᠎ᠠ ᠶᠢ | ᠬᠤᠭᠤᠯᠠᠨ ᠤ ᠪᠠᠨ ᠭᠤᠤᠯ ᠪᠠᠶᠢᠷᠢᠨ ᠳᠤ ᠳᠠᠯᠪᠢᠵᠤ᠂ ᠶᠠᠩᠵᠤ ᠶᠠᠩᠵᠤ ᠪᠠᠷ ᠢᠳᠡᠬᠦ ᠶᠢ ᠳᠤᠷᠰᠢᠵᠤ ᠦᠵᠡᠵᠦ | ᠪᠤᠯᠤᠨ᠎ᠠ᠂ ᠠᠯᠠᠬᠯᠠᠭᠤᠯᠵᠤ ᠢᠳᠡᠬᠦ ᠳᠤᠷᠠᠳᠠᠢ ᠪᠠᠭᠰᠤᠷᠭ᠎ᠠ ᠬᠤᠯᠢᠴᠠ ᠬᠢᠵᠦ ᠢᠳᠡᠵᠦ ᠪᠤᠯᠤᠨ᠎ᠠ᠃ ᠭᠡᠷ ᠲᠡᠭᠡᠨ | ᠢᠳᠡᠰᠢᠨ ᠨᠤᠭᠤᠭ᠎ᠠ ᠶᠢᠨ ᠰᠢᠭᠦᠰᠦ ᠰᠢᠬᠠᠵᠤ ᠤᠤᠭᠤᠵᠤ ᠪᠤᠯᠤᠨ᠎ᠠ᠂ ᠢᠳᠡᠰᠢᠨ ᠨᠤᠭᠤᠭ᠎ᠠ ᠶᠢᠨ ᠰᠢᠭᠦᠰᠦ ᠰᠢᠬᠠᠵᠤ | ᠤᠤᠭᠤᠬᠤ ᠳᠠᠭᠠᠨ ᠰᠢᠭᠠᠷᠤᠭ ᠲᠠᠢ ᠨᠢ ᠴᠤᠭ ᠤᠤᠭᠤᠪᠠᠯ ᠰᠠᠶᠢᠨ᠃ |