ᠬᠠᠨᠲᠠᠯ᠎ᠠ ᠤᠨᠳᠠᠬᠤ ᠪᠤᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠬᠦᠯ ᠢᠶᠠᠷ ᠦᠰᠤᠨ | ᠪᠤᠶᠢᠵᠢᠬᠤ ᠶᠢᠨ ᠴᠢᠬᠤᠯᠠ ᠪᠠᠳᠤᠯᠠᠭ᠎ᠠ ᠪᠤᠯᠤᠨ᠎ᠠ᠃ ᠰᠤᠷᠭᠠᠨ ᠬᠥᠮᠤᠵᠢᠯ ᠤᠨ ᠶᠠᠮᠤᠨ ᠤ ︽ᠲᠤᠮᠳᠠᠳᠤ ᠪᠠᠭ᠎ᠠ | ᠰᠤᠷᠭᠠᠭᠤᠯᠢ ᠶᠢᠨ ᠡᠷᠡᠬᠦᠯ ᠮᠡᠨᠳᠤ ᠶᠢᠨ ᠬᠥᠮᠤᠵᠢᠯ ᠤᠨ ᠵᠢᠯᠤᠭᠤᠳᠬᠤ ᠲᠤᠪᠴᠢ︾ ᠳᠤ᠂ ᠪᠠᠭ᠎ᠠ ᠰᠤᠷᠭᠠᠭᠤᠯᠢ ᠶᠢᠨ | ᠰᠤᠷᠤᠭᠴᠢ ᠡᠳᠤᠷ ᠪᠦᠷᠢ 10 ᠴᠠᠭ ᠤᠨᠳᠠᠪᠠᠯ ᠵᠤᠬᠢᠨ᠎ᠠ᠂ ᠠᠩᠬ᠎ᠠ ᠲᠤᠮᠳᠠᠳᠤ ᠶᠢᠨ ᠰᠤᠷᠤᠭᠴᠢ ᠡᠳᠤᠷ ᠪᠦᠷᠢ 9 | ᠴᠠᠭ ᠤᠨᠳᠠᠪᠠᠯ ᠵᠤᠬᠢᠨ᠎ᠠ᠂ ᠦᠨᠳᠤᠷ ᠲᠤᠮᠳᠠᠳᠤ ᠶᠢᠨ ᠰᠤᠷᠤᠭᠴᠢ ᠡᠳᠤᠷ ᠪᠦᠷᠢ 8 ᠴᠠᠭ ᠤᠨᠳᠠᠪᠠᠯ ᠵᠤᠬᠢᠨ᠎ᠠ ᠭᠡᠵᠤ | ᠲᠤᠬᠳᠠᠭᠠᠵᠠᠢ᠃ ᠬᠡᠪᠡᠴᠤ᠂ ᠤᠨᠳᠠᠵᠤ ᠬᠠᠩᠬᠤ ᠦᠭᠡᠢ ᠪᠠᠶᠢᠬᠤ ᠨᠢ ᠬᠠᠷᠢᠨ ᠲᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠡᠩ ᠤᠨ ᠦᠵᠡᠭᠳᠡᠯ ᠪᠤᠯᠵᠤ ᠪᠠᠶᠢᠨ᠎ᠠ᠃ | ᠡᠨᠡ ᠨᠢ ᠰᠤᠷᠤᠭᠴᠢᠳ ᠤᠨ ᠰᠤᠷᠤᠯᠴᠠᠬᠤ ᠲᠠᠷᠤᠯᠳᠠ ᠶᠡᠭᠡ᠂ ᠬᠢᠴᠢᠶᠠᠯ ᠤᠨ ᠭᠠᠳᠠᠨᠠᠬᠢ ᠲᠠᠰᠬᠠᠯ ᠠᠷᠪᠢᠨ᠂ | ᠰᠤᠷᠭᠠᠭᠤᠯᠢ ᠳᠤ ᠪᠠᠶᠢᠬᠤ ᠴᠠᠭ ᠲᠡᠩᠳᠡᠬᠦᠤ ᠤᠷᠳᠤ᠂ ᠬᠢᠴᠢᠶᠠᠯ ᠤᠨ ᠭᠠᠳᠠᠨᠠᠬᠢ ᠡᠯᠳᠡᠪ ᠶᠠᠩᠵᠤ ᠶᠢᠨ ᠰᠤᠷᠤᠯᠴᠠᠬᠤ | ᠠᠩᠬᠢ ᠬᠡᠳᠤ ᠤᠯᠠᠨ ᠭᠡᠬᠦ ᠮᠡᠳᠤ ᠶᠢᠨ ᠰᠢᠯᠳᠠᠭᠠᠨ ᠠᠴᠠ ᠪᠤᠯᠵᠠᠢ᠃ ᠡᠬᠦᠨ ᠳᠤ ︽ᠰᠤᠷᠭᠠᠭᠤᠯᠢ ᠳᠤ ᠪᠠᠶᠢᠬᠤ ᠴᠠᠭ | ᠲᠡᠩᠳᠡᠬᠦᠤ ᠤᠷᠳᠤ︾ ᠪᠠᠶᠢᠬᠤ ᠠᠰᠠᠭᠤᠳᠠᠯ ᠨᠢ ᠨᠡᠩ ᠢᠯᠡᠷᠭᠡᠢ ᠪᠠᠶᠢᠨ᠎ᠠ᠃ | ᠪᠠᠶᠢᠴᠠᠭᠠᠨ ᠰᠤᠳᠤᠯᠤᠯᠳᠡ ᠪᠠᠷ ᠤᠯᠵᠤ ᠮᠡᠳᠡᠭᠰᠡᠨ ᠨᠢ᠂ ᠪᠦᠬᠦ ᠤᠯᠤᠰ ᠤᠨ ᠮᠠᠰᠢ ᠤᠯᠠᠨ ᠭᠠᠵᠠᠷ ᠤᠨ ᠪᠠᠭ᠎ᠠ | ᠰᠤᠷᠭᠠᠭᠤᠯᠢ ᠶᠢᠨ ᠲᠤᠭᠳᠠᠭᠠᠭᠰᠠᠨ ᠰᠤᠷᠭᠠᠭᠤᠯᠢ ᠳᠤ ᠬᠥᠷᠬᠦ ᠴᠠᠭ ᠨᠢ 7 ᠴᠠᠭ ᠬᠠᠭᠠᠰ ᠠᠴᠠ ᠡᠷᠳᠡ ᠪᠠᠶᠢᠵᠤ᠂ | ᠲᠤᠮᠳᠠᠳᠤ ᠰᠤᠷᠭᠠᠭᠤᠯᠢ ᠶᠢᠨ ᠲᠤᠬᠳᠠᠭᠠᠭᠰᠠᠨ ᠰᠤᠷᠭᠠᠭᠤᠯᠢ ᠳᠤ ᠬᠥᠷᠬᠦ ᠴᠠᠭ ᠨᠢ 7 ᠴᠠᠭ ᠡᠷᠳᠡ ᠪᠠᠶᠢᠳᠠᠭ᠂ ᠢᠢᠮᠤ | ᠪᠤᠯᠬᠤᠷ ᠪᠠᠭ᠎ᠠ ᠰᠤᠷᠭᠠᠭᠤᠯᠢ ᠶᠢᠨ ᠰᠤᠷᠤᠭᠴᠢ 6 ᠴᠠᠭ ᠭᠠᠷᠤᠢ ᠳᠤ ᠪᠤᠰᠴᠤ᠂ ᠲᠤᠮᠳᠠᠳᠤ ᠰᠤᠷᠭᠠᠭᠤᠯᠢ ᠶᠢᠨ | ᠰᠤᠷᠤᠭᠴᠢ 6 ᠴᠠᠭ ᠦᠩᠭᠡᠷᠡᠮᠡᠭᠴᠠ ᠪᠤᠰᠴᠢᠬᠠᠳᠠᠭ᠃ ᠪᠠᠰᠠ ᠮᠠᠰᠢ ᠤᠯᠠᠨ ᠲᠤᠮᠳᠠᠳᠤ ᠰᠤᠷᠭᠠᠭᠤᠯᠢ ᠶᠢᠨ | ᠤᠷᠤᠢ ᠶᠢᠨ ᠲᠠᠪᠳᠠᠯᠭ᠎ᠠ ᠶᠢᠨ ᠴᠠᠭ ᠨᠢ 21 ᠴᠠᠭ ᠢ ᠬᠡᠳᠤᠷᠡᠳᠡᠭ ᠪᠤᠯᠬᠤᠷ ᠰᠤᠷᠤᠭᠴᠢᠳ 22 ᠴᠠᠭ ᠠᠴᠠ ᠡᠮᠤᠨ᠎ᠠ | ᠤᠨᠳᠠᠬᠤ ᠳᠤ ᠪᠡᠷᠭᠡ ᠪᠠᠶᠢᠳᠠᠭ᠃ | ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠨᠲᠠᠯ᠎ᠠ ᠤᠨᠳᠠᠬᠤ ᠶᠢ ᠪᠠᠳᠤᠯᠠᠬᠤ ᠶᠢᠨ ᠲᠤᠰᠠᠳᠠ᠂ | ᠲᠤᠤᠷᠡᠬᠢ ᠮᠡᠳᠤ ᠬᠡᠳᠤᠨ ᠰᠠᠨᠠᠭᠤᠯᠭ᠎ᠠ ᠭᠠᠷᠭᠠᠶ᠎ᠠ᠄ | 1. ᠲᠤᠮᠳᠠᠳᠤ ᠪᠠᠭ᠎ᠠ ᠰᠤᠷᠭᠠᠭᠤᠯᠢ ᠰᠤᠷᠭᠠᠨ ᠬᠥᠮᠤᠵᠢᠯ ᠤᠨ ᠦᠢᠯᠠᠭᠠᠬᠳᠠᠬᠤᠨ ᠢᠶᠠᠨ ᠬᠤᠪᠢᠷᠠᠭᠤᠯᠬᠤ᠃ | ᠰᠤᠷᠤᠭᠴᠢᠳ ᠤᠨ ᠪᠡᠶ᠎ᠡ ᠶᠢᠨ ᠪᠠ ᠰᠡᠳᠭᠢᠴᠡ ᠶᠢᠨ ᠡᠷᠡᠬᠦᠯ ᠮᠠᠨᠳᠤ ᠶᠢ ᠴᠢᠬᠤᠯᠠᠴᠢᠯᠠᠨ᠂ ᠰᠤᠷᠤᠭᠴᠢᠳ ᠤᠨ ᠨᠠᠰᠤᠨ | ᠲᠤᠷᠰᠢ ᠶᠢᠨ ᠬᠥᠭᠵᠢᠯᠳᠡ ᠠᠴᠠ ᠪᠤᠳᠤᠯᠬᠢᠯᠠᠵᠤ᠂ ᠰᠤᠷᠤᠭᠴᠢᠳ ᠤᠨ ᠤᠨᠳᠠᠬᠤ ᠴᠠᠭ ᠢ ᠦᠷᠡᠭᠳᠡᠬᠦᠯᠵᠤ ᠪᠠᠶᠢᠭᠠᠳ | ᠰᠢᠯᠭᠠᠯᠳᠠ ᠶᠢᠨ ᠬᠢᠷᠢ ᠪᠦᠳᠤᠮᠵᠢ ᠶᠢ ᠲᠡᠭᠡᠭᠰᠢᠯᠡᠬᠦᠯᠬᠦ ᠨᠢᠳᠤᠨ ᠡᠮᠤᠨᠡᠬᠢ ᠶᠢ ᠪᠤᠳᠤᠯᠬᠢᠯᠠᠬᠤ ᠦᠢᠯᠡ ᠠᠵᠢᠯᠯᠠᠭ᠎ᠠ ᠪᠠᠨ | ᠬᠠᠶᠠᠭᠠᠷᠠᠢ᠃ | 2. ᠰᠤᠷᠭᠠᠨ ᠬᠥᠮᠤᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠰᠤᠷᠭᠠᠭᠤᠯᠢ ᠶᠢᠨ ᠠᠵᠢᠯᠯᠠᠵᠤ | ᠠᠮᠠᠷᠠᠬᠤ ᠴᠠᠭ ᠤᠨ ᠲᠤᠬᠠᠢ ᠲᠤᠰᠬᠠᠢ ᠪᠠᠶᠢᠴᠠᠭᠠᠯᠳᠠ ᠦᠷᠨᠢᠬᠦᠯᠬᠦ᠃ ᠠᠵᠢᠯᠯᠠᠵᠤ ᠠᠮᠠᠷᠠᠬᠤ ᠴᠠᠭ ᠨᠢ ᠠᠵᠢᠯᠯᠠᠵᠤ | ᠠᠮᠠᠷᠠᠬᠤ ᠲᠦᠷᠢᠮ ᠤᠨ ᠲᠤᠭᠳᠠᠭᠠᠯ ᠲᠠᠢ ᠨᠡᠶᠢᠴᠡᠬᠦ ᠦᠭᠡᠢ ᠦᠢᠯᠡ ᠠᠵᠢᠯᠯᠠᠭ᠎ᠠ ᠶᠢ ᠰᠢᠳᠭᠡᠵᠤ᠂ ᠲᠤᠬᠳᠠᠭᠰᠠᠨ | ᠬᠤᠭᠤᠴᠠᠭᠠᠨ ᠳᠤ ᠵᠠᠯᠠᠷᠠᠭᠤᠯᠤᠨ᠎ᠠ᠃ ᠲᠤᠭᠤᠰᠢᠲᠠᠢ ᠬᠡᠷᠡᠭᠵᠢᠬᠦᠯᠬᠦ ᠦᠭᠡᠢ ᠨᠢᠭᠡᠴᠠ ᠠᠴᠠ ᠵᠠᠰᠠᠭ ᠵᠠᠬᠢᠷᠭᠠᠨ ᠤ | ᠬᠠᠷᠢᠭᠤᠴᠠᠯᠭ᠎ᠠ ᠨᠡᠭᠡᠮᠵᠢᠯᠠᠨ᠎ᠠ᠃ | 3. ᠦᠳᠡ ᠶᠢᠨ ᠠᠮᠠᠷᠠᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠬᠦ᠃ ᠰᠤᠷᠤᠭᠴᠢᠳ ᠤᠨ ᠦᠳᠡ ᠶᠢᠨ | ᠬᠤᠶᠢᠨᠠᠬᠢ ᠬᠢᠴᠢᠶᠡᠯ ᠲᠡᠭᠡᠷ᠎ᠡ ᠠᠩᠬᠠᠷᠤᠯ ᠢᠶᠠᠨ ᠨᠡᠩ ᠲᠦᠪᠯᠡᠷᠡᠬᠦᠯᠬᠦ᠂ ᠲᠡᠷᠢᠬᠢ ᠲᠤᠯᠤᠭᠠᠢ ᠪᠠᠨ ᠨᠡᠩ ᠬᠤᠷᠴᠠ | ᠰᠡᠷᠭᠡᠭ ᠪᠠᠶᠢᠯᠭᠠᠬᠤ᠂ ᠨᠡᠩ ᠦᠷ᠎ᠡ ᠪᠦᠳᠤᠮᠵᠢᠳᠠᠢ ᠰᠤᠷᠤᠯᠴᠠᠬᠤ ᠶᠢ ᠪᠠᠳᠤᠯᠠᠬᠤ ᠶᠢᠨ ᠲᠦᠯᠤᠭᠡ᠂ ᠰᠤᠷᠤᠭᠴᠢᠳ ᠢ | ᠦᠳᠡ ᠶᠢᠨ ᠬᠤᠭᠤᠯᠠᠨ ᠤ ᠲᠠᠷᠠᠭ᠎ᠠ ᠪᠠᠭ᠎ᠠ ᠤᠨᠳᠠᠭᠤᠯᠵᠤ᠂ ᠰᠤᠷᠤᠭᠴᠢᠳ ᠤᠨ ᠨᠦᠢᠷ ᠬᠥᠷᠬᠦ ᠠᠴᠠ ᠪᠤᠯᠵᠤ | ᠶᠠᠳᠠᠷᠠᠬᠤ ᠪᠠᠶᠢᠳᠠᠯ ᠭᠠᠷᠬᠤ ᠶᠢ ᠨᠠᠮᠳᠠᠭᠤᠯᠤᠨ᠎ᠠ᠃ |