ᠰᠤᠷᠤᠭᠴᠢᠳ ᠤᠨ ᠪᠡᠶ᠎ᠡ ᠶᠢᠨ ᠲᠠᠮᠢᠷ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2020/8/26
       ᠮᠡᠳᠡᠭᠡᠵᠢ ᠪᠠᠷ᠂ ᠪᠥᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠬᠡᠰᠢᠬᠦᠳ ᠤᠯᠠᠨ ᠵᠢᠯ ᠤᠨ ᠲᠤᠷᠰᠢ ᠰᠤᠷᠭᠠᠭᠤᠯᠢ ᠶᠢᠨ ᠪᠡᠶ᠎ᠡ ᠶᠢᠨ ᠲᠠᠮᠢᠷ ᠪᠠ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠤᠬᠠᠢ ᠰᠠᠨᠠᠯ ᠵᠥᠪᠯᠡᠯᠭᠡ ᠰᠠᠨᠠᠯ ᠲᠤᠷᠠᠳᠤᠯᠭ᠎ᠠ ᠶᠢ ᠤᠯᠠᠨ ᠤᠳᠠᠭ᠎ᠠ ᠲᠡᠪᠰᠢᠬᠦᠯᠵᠥ᠂ ᠪᠡᠶ᠎ᠠ ᠶᠢᠨ ᠲᠠᠮᠢᠷ ᠤᠨ ᠭᠡᠪ ᠪᠤᠯᠪᠠᠰᠤᠷᠠᠯ ᠢ ᠲᠡᠭᠡᠭᠰᠢᠯᠡᠬᠦᠯᠬᠦ ᠶᠠᠪᠤᠳᠠᠯ ᠢ ᠪᠥᠬᠦ ᠤᠯᠤᠰ ᠤᠨ ᠬᠤᠶᠠᠷ ᠬᠤᠷᠠᠯ ᠤᠨ ᠬᠠᠯᠠᠮᠰᠢᠯ ᠰᠡᠳᠦᠪ ᠪᠣᠯᠭᠠᠬᠰᠠᠭᠠᠷ ᠢᠷᠡᠵᠡᠶ᠃ ᠤᠨᠴᠠᠭᠠᠢᠢᠯᠠᠨ ᠡᠨᠡ ᠵᠢᠯ ᠤᠨ ᠬᠤᠶᠠᠷ ᠬᠤᠷᠠᠯ ᠳᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠠᠰᠠᠭᠤᠳᠠᠯ ᠨᠢ ᠨᠠᠩ ᠬᠠᠯᠠᠮᠰᠢᠯ ᠶᠠᠷᠢᠯᠴᠠᠭ᠎ᠠ ᠪᠤᠯᠪᠠ᠃ ᠢᠯᠠᠩᠭᠤᠶ᠎ᠠ ᠡᠤ ᡁᠢ ᠮᠢᠩ ᠵᠡᠷᠭᠡ 108 ᠭᠡᠰᠢᠭᠦᠨ ᠤ ᠨᠡᠷ᠎ᠡ ᠬᠤᠯᠪᠣᠭᠠᠯᠠᠨ ᠭᠠᠷ ᠤᠨ ᠥᠰᠥᠭ ᠵᠢᠷᠤᠭᠰᠠᠨ ᠪᠡᠶ᠎ᠡ ᠶᠢᠨ ᠲᠠᠮᠢᠷ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠲᠤᠬᠠᠢ ᠰᠠᠨᠠᠯ ᠳᠤᠷᠠᠳᠤᠯᠭ᠎ᠠ᠂ ᠴᠧᠩ ᠬᠤᠩ ᠭᠡᠰᠢᠭᠦᠨ ᠤ 6 ᠮᠢᠨᠦ᠋ᠲ ᠭᠠᠷᠤᠶ ᠶᠢᠨ ᠶᠡᠭᠡ ᠬᠤᠷᠠᠯ ᠤᠨ ᠶᠠᠷᠢᠶ᠎ᠠ ᠢᠯᠡᠳᠬᠡᠯ ᠨᠢ ᠪᠡᠶ᠎ᠡ ᠶᠢᠨ ᠲᠠᠮᠢᠷ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠪᠠᠯ ᠵᠤᠬᠢᠬᠤ ᠲᠤᠬᠠᠢ ᠠᠰᠠᠭᠤᠳᠠᠯ ᠢ ᠨᠠᠩ ᠨᠠᠷᠢᠯᠢᠬ ᠲᠡᠯᠭᠡᠨ ᠶᠠᠷᠢᠬᠰᠠᠨ ᠪᠠᠶᠢᠨ᠎ᠠ᠃        ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠰᠤᠷᠭᠠᠭᠤᠯᠢ ᠶᠢᠨ ᠪᠡᠶ᠎ᠡ ᠶᠢᠨ ᠲᠠᠮᠢᠷ ᠢ ᠴᠢᠩᠭᠠᠳᠬᠠᠵᠤ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠦ ︽ᠣᠶᠢᠷ᠎ᠠ ᠶᠢᠨ ᠵᠢᠯ ᠤᠨ ᠲᠤᠷᠰᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠠᠬᠢᠴᠠ ᠶᠢ ᠲᠥᠷᠭᠡᠳᠭᠡᠬᠦ ᠭᠡᠷᠡᠭᠳᠠᠢ︾ ᠭᠡᠵᠦ ᠲᠤᠷᠠᠳᠤᠬᠰᠠᠨ ᠪᠠᠶᠢᠳᠠᠭ᠃ ᠡᠨᠡᠬᠦ ᠲᠤᠷᠠᠳᠤᠯᠭ᠎ᠠ ᠶᠢᠨ ᠲᠤᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠰᠤᠷᠭᠠᠭᠤᠯᠢ ᠶᠢᠨ ᠪᠡᠶ᠎ᠡ ᠶᠢᠨ ᠲᠠᠮᠢᠷ ᠢ ᠴᠢᠩᠭᠠᠳᠬᠠᠵᠤ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠠᠨᠳᠤ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠪᠡᠶ᠎ᠡ ᠶᠢᠨ ᠲᠠᠮᠢᠷ ᠤᠨ ᠬᠢᠴᠢᠶᠡᠯ ᠪᠠ ᠬᠢᠴᠢᠶᠡᠯ ᠤᠨ ᠭᠠᠳᠠᠨᠠᠬᠢ ᠪᠣᠯᠪᠠᠰᠤᠷᠠᠯ ᠢ ᠴᠢᠩᠭᠠᠳᠬᠠᠵᠠᠢ᠃ ᠡᠬᠦᠨ ᠳᠤ ᠮᠠᠨ ᠤ ᠤᠷᠤᠨ ᠤ ᠰᠤᠷᠭᠠᠨ ᠬᠥᠮᠥᠵᠢᠯ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢᠶᠠᠨ ᠴᠢᠨᠠᠬᠰᠢᠳᠠ ᠳᠡᠭᠡᠭᠰᠢᠯᠡᠭᠦᠯᠵᠦ᠂ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠪᠠ ᠬᠢᠴᠢᠶᠡᠯ ᠲᠥᠷᠥᠯ ᠤᠨ ᠦᠨᠡᠯᠡᠯᠲᠡ ᠪᠠᠨ ᠥᠨᠡᠨᠬᠦ ᠴᠢᠩᠭᠠᠳᠬᠠᠵᠤ᠂ ᠥᠰᠪᠤᠷᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠴᠢᠬᠢᠷᠠᠬ ᠪᠥᠬᠦ ᠲᠠᠯ᠎ᠠ ᠶᠢᠨ ᠬᠥᠭᠵᠢᠯᠳᠠ ᠶᠢ ᠠᠬᠢᠭᠤᠯᠬᠤ ᠴᠢᠬᠤᠯᠠᠳᠠᠢ᠃        ᠪᠡᠶ᠎ᠡ ᠶᠢᠨ ᠲᠠᠮᠢᠷ ᠤᠨ ᠰᠢᠯᠭᠠᠯᠳᠠ ᠨᠢ ᠥᠨᠳᠤᠷ ᠳᠤᠮᠳᠠᠳᠤ ᠠᠩᠭᠢ ᠲᠠᠪᠰᠢᠬᠤ ᠰᠢᠯᠭᠠᠯᠲᠠ ᠳᠤ ᠵᠠᠪᠠᠯ ᠰᠢᠯᠭᠠᠬᠤ ᠬᠢᠴᠢᠶᠡᠯ ᠲᠥᠷᠥᠯ ᠪᠤᠯᠤᠬᠰᠠᠨ ᠶᠤᠮ᠃ ᠣᠳᠣᠬᠠᠨ ᠳᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠠᠭ ᠤᠯᠠᠮ ‍ᠤᠷᠲᠤ ᠪᠣᠯᠵᠤ᠂ ᠥᠪᠡᠷᠮᠢᠴᠡ ᠣᠨᠴᠠᠯᠢᠭ ᠲᠠᠢ ᠬᠢᠴᠢᠶᠡᠯ ᠴᠦ ᠨᠡᠮᠡᠭᠳᠡᠵᠦ᠂ ᠮᠠᠨ ᠤ ᠤᠷᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠡᠶ᠎ᠡ ᠶᠢᠨ ᠲᠠᠮᠢᠷ ᠤᠨ ᠵᠢᠭᠠᠨ ᠰᠤᠷᠭᠠᠯᠳᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠬᠥᠴᠥᠯᠡᠨ ᠲᠡᠭᠡᠭᠰᠢᠯᠡᠬᠦᠯᠵᠥ᠂ ᠰᠤᠷᠤᠭᠴᠢ ᠪᠤᠯᠭᠠᠨ ᠡᠳᠦᠷ ᠪᠦᠷᠢ ᠨᠢᠭᠡ ᠴᠠᠭ ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠪᠣᠯᠪᠠᠰᠤᠷᠠᠯ ᠬᠢᠬᠦ ᠶᠢ ᠪᠠᠳᠤᠯᠠᠬᠤ ᠡᠬᠦᠳᠡᠨ ᠠᠴᠠ ᠰᠤᠷᠤᠭᠴᠢᠳ ᠤᠨ ︽ᠪᠡᠶ᠎ᠡ ᠶᠢᠨ ᠲᠠᠮᠢᠷ ᠤᠨ ᠨᠢᠭᠡ ᠴᠠᠭ ᠤᠨ ᠬᠥᠳᠡᠯᠭᠡᠭᠡᠨ︾ ᠢ ᠪᠠᠶᠢᠡᠭᠭᠤ ᠶᠢᠨ ᠵᠢᠭᠠᠨ ᠰᠤᠷᠭᠠᠯᠲᠠ ᠶᠢᠨ ᠲᠦᠰᠦᠪ ᠲᠤ ᠤᠷᠤᠭᠤᠯᠪᠠ᠃ ᠡᠨᠡ ᠨᠢ ᠮᠠᠨ ᠤ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ᠂ ᠪᠡᠶ᠎ᠡ ᠶᠢᠨ ᠲᠠᠮᠢᠷ ᠤᠨ ᠲᠥᠷᠥᠯ ᠵᠦᠶ᠋ᠯ ᠤᠨ ᠴᠢᠨᠠᠷ ᠰᠠᠶᠢᠳᠠᠢ ᠭᠥᠭᠵᠢᠯᠳᠠ ᠶᠢᠨ ᠰᠢᠨ᠎ᠠ ᠠᠮᠵᠢᠯᠳᠠ ᠪᠥᠳᠥᠮᠵᠢ ᠶᠢ ᠡᠬᠦᠳᠬᠦ ᠳᠤ ᠪᠠᠳᠤ ᠪᠠᠬᠢ ᠰᠠᠭᠤᠷᠢ ᠪᠤᠯᠬᠤ ᠨᠢ ᠯᠠᠪᠳᠠᠢ᠃        ᠪᠡᠶ᠎ᠡ ᠶᠢᠨ ᠲᠠᠮᠢᠷ ᠤᠨ ᠬᠢᠴᠢᠶᠡᠯ ᠪᠣᠯ ᠰᠤᠷᠤᠭᠴᠢᠳ ᠤᠨ ᠪᠦᠬᠦ᠋ᠢᠯᠠ ᠴᠣᠭᠴᠠ ᠶᠢᠨ ᠬᠡᠪ ᠪᠣᠯᠪᠠᠰᠤᠷᠠᠯ ᠢ ᠠᠬᠢᠭᠤᠯᠬᠤ ᠰᠠᠭᠤᠷᠢ ᠮᠥᠨ᠃ ᠮᠠᠨ ᠤ ᠤᠷᠤᠨ ᠤ ᠮᠠᠰᠢ ᠣᠯᠠᠨ ᠰᠤᠷᠭᠠᠭᠤᠯᠢ ᠳᠤ ᠪᠦᠷ ᠤᠨᠴᠠᠯᠢᠬᠲᠤ ᠪᠡᠶ᠎ᠡ ᠶᠢᠨ ᠲᠠᠮᠢᠷ ᠤᠨ ᠬᠢᠴᠢᠶᠡᠯ ᠲᠠᠢ ᠪᠣᠯᠤᠭᠰᠠᠨ ᠪᠠᠶᠢᠨ᠎ᠠ᠃ ᠤᠷᠳᠤᠰ ᠬᠤᠲᠠ ᠶᠢᠨ ᠬᠠᠨᠭ᠍ᠭᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠡ ᠶᠢᠨ ᠪᠠᠭ᠎ᠠ ᠰᠤᠷᠭᠠᠭᠤᠯᠢ ᠨᠢ ᠶᠡᠷᠦ ᠶᠢᠨ ᠲᠠᠮᠢᠷ ᠤᠨ ᠬᠢᠴᠢᠶᠠᠯ ᠳᠠᠭᠡᠷ᠎ᠡ ᠪᠠᠨ ᠪᠦᠬᠡ ᠪᠠᠷᠢᠯᠳᠤᠬᠤ᠂ ᠪᠢᠯᠠᠭᠤ ᠰᠢᠳᠠᠬᠤ ᠵᠡᠷᠭᠡ ᠦᠨᠳᠦᠰᠦᠲᠡᠨ ᠤ ᠪᠡᠶ᠎ᠡ ᠲᠠᠮᠢᠷ ᠤᠨ ᠬᠢᠴᠢᠶᠡᠯ ᠨᠡᠮᠡᠪᠡ᠂ ᠬᠦᠬᠡᠬᠤᠲᠡ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠰᠤᠷ ᠬᠠᠷᠪᠤᠬᠤ᠂ ᠬᠦᠯ ᠪᠦᠮᠪᠦᠭᠡ ᠵᠡᠷᠭᠡ ᠦᠪᠡᠷᠮᠢᠴᠡ ᠤᠨᠴᠠᠯᠢᠭ ᠲᠠᠢ ᠲᠠᠮᠢᠷ ᠤᠨ ᠬᠢᠴᠢᠶᠠᠯ ᠢ ᠵᠢᠭᠠᠨ ᠰᠤᠷᠭᠠᠯᠲᠠ ᠳᠤ ᠤᠷᠤᠭᠤᠯᠪᠠ ᠁ ᠡᠯ᠎ᠠ ᠰᠤᠷᠭᠠᠭᠤᠯᠢ ᠪᠦᠷ ᠥᠪᠡᠷ ᠥᠪᠡᠷ ᠤᠨ ᠪᠤᠳᠠᠳᠤ ᠪᠠᠶᠢᠳᠠᠯ ᠳᠠᠭᠠᠨ ᠲᠤᠬᠢᠷᠠᠭᠤᠯᠤᠨ ᠪᠡᠶ᠎ᠠ ᠶᠢᠨ ᠲᠠᠮᠢᠷ ᠤᠨ ᠬᠢᠴᠢᠶᠡᠯ ᠬᠥᠮᠥᠵᠢᠯ ᠢ ᠴᠢᠩᠭᠠᠳᠬᠠᠵᠥ ᠪᠠᠶᠢᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠠᠯ ᠢ ᠴᠢᠬᠤᠯᠠᠴᠢᠯᠠᠬᠤ ᠨᠢ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠪᠦ᠋ᠬᠡᠳ ᠰᠤᠷᠤᠬᠴᠢᠳ ᠤᠨ ᠪᠥᠬᠦ ᠲᠠᠯ᠎ᠠ ᠶᠢᠨ ᠬᠡᠪ ᠴᠢᠨᠠᠷ ᠢ ᠳᠡᠭᠡᠭᠰᠢᠯᠡᠭᠦᠯᠬᠦ ᠳᠤ ᠲᠤᠩ ᠶᠡᠭᠡ ᠠᠴᠢ ᠬᠤᠯᠪᠤᠬᠳᠠᠯ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号