ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠢᠷᠭᠤᠭᠠᠨ ᠵᠦᠢᠯ ᠤᠨ ᠠᠷᠭ᠎ᠠ ᠬᠡᠮᠵᠢᠶ᠎ᠠ ᠠᠪᠴᠤ ᠠᠶᠤᠯᠭᠦᠢ ᠦᠢᠯᠡᠳᠪᠦᠷᠢᠯᠡᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2020/8/27
     ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠵᠢᠷᠭᠤᠭᠠᠨ ᠵᠦᠢᠯ ᠤᠨ ᠠᠷᠭ᠎ᠠ ᠬᠡᠮᠵᠢᠶ᠎ᠠ ᠠᠪᠴᠤ᠂ ᠮᠠᠨ ᠤ ᠤᠷᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠭᠦ ᠪᠠᠳᠤᠯᠠᠵᠤ ᠪᠤᠢ᠃      ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠪᠠᠶᠢᠴᠠᠭᠠᠯᠳᠠ ᠶᠢ ᠨᠢᠭᠡ ᠰᠠᠷ᠎ᠠ ᠦᠷᠨᠢᠭᠦᠯᠪᠡ︔ ᠠᠭᠤᠷᠬᠠᠢ ᠶᠢᠨ ᠭᠠᠵᠠᠷ ᠤᠨ ᠭᠠᠮᠰᠢᠭ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠤ᠂ ᠦᠶᠡᠷ ᠤᠨ ᠡᠮᠦᠨ᠎ᠠ ᠵᠢᠭᠰᠠᠭᠠᠨ ᠪᠠᠶᠢᠴᠠᠭᠠᠬᠤ᠂ ᠦᠶᠡᠷ ᠤᠨ ᠲᠤᠮᠳᠠ ᠲᠤᠭᠤᠷᠢᠨ ᠪᠠᠶᠢᠴᠠᠭᠠᠬᠤ᠂ ᠬᠢᠨᠠᠨ ᠬᠡᠮᠵᠢᠭᠰᠡᠨ ᠬᠦᠮᠦᠨ ᠪᠠ ᠬᠠᠷᠢᠭᠤᠴᠠᠯᠭᠠᠳᠠᠨ ᠢ ᠲᠤᠳᠤᠷᠬᠠᠢᠢᠯᠠᠬᠤ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠠᠯᠳᠠ ᠭᠡᠮ ᠲᠠᠢ ᠤᠷᠤᠨ ︵ᠴᠡᠭ︶ ᠢ ᠲᠤᠭᠳᠠᠮᠠᠯ ᠬᠤᠭᠤᠴᠠᠭ᠎ᠠ ᠲᠠᠢ ᠪᠠᠶᠢᠴᠠᠭᠠᠨ ᠬᠡᠮᠵᠢᠪᠠ︔ ᠠᠭᠤᠷᠬᠠᠢ ᠶᠢᠨ ᠦᠢᠯᠡᠰ ᠤᠨ ᠡᠷᠭᠡ ᠶᠢ ᠬᠠᠶᠢᠨ ᠪᠠᠶᠢᠴᠠᠭᠠᠵᠤ ᠨᠡᠭᠡᠭᠡᠨ ᠮᠠᠯᠳᠠᠬᠤ ᠮᠡᠳᠡᠭᠡ ᠵᠠᠩᠭᠢ ᠶᠢ ᠵᠠᠷᠯᠠᠨ ᠨᠡᠶᠢᠳᠡᠯᠡᠬᠦ ᠠᠵᠢᠯ ᠢ ᠦᠷᠨᠢᠭᠦᠯᠪᠠ︔ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠭᠰᠠᠨ ᠡᠯ᠎ᠠ ᠵᠦᠢᠯ ᠤᠨ ᠠᠵᠢᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠦᠷᠨᠢᠭᠦᠯᠪᠡ︔ ᠦᠪᠡᠷᠳᠡᠭᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠭᠢᠮ ᠲᠠᠢ ᠬᠠᠮᠵᠢᠯᠴᠠᠨ ᠲᠦᠷᠦ ᠶᠢᠨ ᠶᠠᠪᠤᠳᠠᠯ ᠤᠨ ᠬᠤᠷᠢᠶᠠᠨ ᠤ ᠠᠶᠦᠯᠭᠦᠢ ᠦᠢᠯᠡᠳᠪᠦᠷᠢᠯᠡᠯ ᠵᠢᠴᠢ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠤᠨ ᠤᠨ ᠤ ᠬᠢᠨᠠᠨ ᠰᠢᠯᠭᠠᠯᠳᠠ ᠶᠢ ᠪᠡᠶᠡᠯᠡᠭᠦᠯᠪᠠ︔ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠠ ᠪᠠᠷ ᠬᠠᠮᠵᠢᠯᠴᠠᠨ ᠦᠷᠨᠢᠭᠦᠯᠵᠦ ᠪᠤᠢ᠃      ᠲᠠᠷᠠᠭᠠᠴᠢ ᠶᠢᠨ ᠠᠯᠬᠤᠮ ᠠᠶᠤᠯᠭᠦᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ᠂ ᠬᠠᠶᠢᠨ ᠪᠠᠶᠢᠴᠠᠭᠠᠬᠤ᠂ ᠨᠡᠭᠡᠭᠡᠨ ᠮᠠᠯᠳᠠᠬᠤ᠂ ᠠᠶᠤᠯᠭᠦᠢ ᠦᠢᠯᠡᠳᠪᠦᠷᠢᠯᠡᠯ ᠢ ᠬᠠᠮᠵᠢᠯᠴᠠᠨ ᠬᠠᠮᠢᠶᠠᠷᠬᠤ ᠡᠷᠴᠢᠮ ᠢ ᠴᠢᠩᠭᠠᠳᠬᠠᠵᠤ᠂ ᠬᠠᠤᠯᠢ ᠠᠴᠠ ᠵᠦᠷᠢᠴᠡᠵᠦ ᠬᠠᠶᠢᠨ ᠪᠠᠶᠢᠴᠠᠭᠠᠯᠳᠠ ᠬᠢᠬᠦ᠂ ᠨᠡᠭᠡᠭᠡᠨ ᠮᠠᠯᠳᠠᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠤᠭᠳᠠᠭᠠᠯ ᠠᠴᠠ ᠵᠦᠷᠢᠴᠡᠭᠰᠡᠨ ᠠᠰᠠᠭᠤᠳᠠᠯ ᠲᠠᠢ ᠤᠶᠠᠯᠳᠤᠭᠤᠯᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠵᠤ᠂ ᠠᠭᠤᠷᠬᠠᠢ ᠶᠢᠨ ᠠᠵᠤ ᠠᠬᠤᠢᠢᠯᠠᠯ ᠤᠨ ᠠᠮᠤᠷ ᠲᠦᠪᠰᠢᠨ ᠤ ᠲᠠᠯᠳᠠ ᠭᠡᠮ ᠢ ᠤᠯᠵᠤ ᠮᠡᠳᠡᠪᠠᠯ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠳᠡᠨ᠎ᠠ︔ ᠦᠪᠡᠷᠳᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠦᠷᠨᠢᠭᠦᠯᠬᠦ ᠳᠤ ᠭᠤᠤᠯᠳᠠᠯᠭ᠎ᠠ ᠲᠠᠢ ᠬᠠᠮᠵᠢᠯᠴᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠷᠢᠮ ᠪᠠ ᠦᠪᠡᠷᠳᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠦᠭᠡᠷᠡᠴᠢᠯᠡᠯᠳᠡ ᠲᠠᠢ ᠤᠶᠠᠯᠳᠤᠭᠤᠯᠤᠨ ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠳᠤ ᠲᠤᠰᠢᠶᠠᠯ ᠬᠠᠷᠢᠭᠤᠴᠠᠯᠭ᠎ᠠ ᠶᠢ ᠨᠢ ᠰᠠᠶᠢᠳᠤᠷ ᠲᠤᠳᠤᠷᠬᠠᠢᠢᠯᠠᠬᠤ ᠠᠵᠢᠯ ᠢ ᠭᠤᠤᠯᠳᠡᠯᠭ᠎ᠠ ᠲᠠᠢ ᠭᠢᠨ᠎ᠠ ᠭᠡᠵᠤ ᠲᠤᠬᠳᠠᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号