ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠤᠯᠠᠮ ᠨᠢᠭᠡ ᠠᠯᠬᠤᠮ | ᠣᠶᠢᠯᠠᠭᠠᠬᠤ ᠶᠢᠨ ᠲᠤᠰᠠᠳᠠ᠂ 8 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠣᠷᠴᠢᠨ ᠲᠣᠭᠤᠷᠢᠨ ᠤ | ᠬᠥᠷᠥᠩᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠮᠧᠶ ᠵᠧᠨ | ᠪᠦᠯᠬᠦᠮ ᠳᠠᠭᠠᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ᠂ ᠵᠠᠯᠠᠶᠢᠨᠠᠭᠤᠷ ᠲᠣᠭᠤᠷᠢᠭ ᠲᠤ ᠬᠦᠷᠴᠦ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ | ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠰᠢᠤᠢ ᠾᠧ ᠵᠥᠩ︔ ᠮᠠᠨᠵᠤᠤᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠴᠠᠩ ᠡᠤ᠂ ᠳᠡᠳ᠋ ᠡᠷᠬᠢᠯᠡᠭᠴᠢ ᠶᠦᠨ ᠮᠤᠩ ᠵᠢᠶᠧ︔ | ᠵᠠᠯᠠᠶᠢᠨᠠᠭᠤᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠭᠤᠤ ᠱᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠢᠶᠠᠩ ᠳ᠋ᠦᠩ ᠮᠢᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠰᠧ ᠢᠦᠶ ᠵᠡᠷᠭᠡ ᠬᠤᠲᠠ᠂ ᠲᠣᠭᠤᠷᠢᠭ ᠤᠨ | ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠭᠰᠠᠨ ᠪᠤᠶᠤ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠵᠠᠳᠠᠭᠠᠶ ᠨᠦᠬᠡ ᠮᠠᠯᠲᠠᠬᠤ ᠶᠢ ᠵᠠᠰᠠᠬᠤ ᠵᠢᠴᠢ ᠠᠭᠤᠷᠬᠠᠶ ᠶᠢᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠮᠧᠩ ᠼᠤᠤ ᠰᠤᠳᠤᠯᠬᠤ ᠬᠦᠷᠢᠶᠡᠯᠡᠩ ᠢ ᠪᠠᠶᠢᠴᠠᠭᠠᠨ ᠦᠵᠡᠵᠡᠶ᠃ ᠯᠢᠩ | ᠯᠦ ᠨᠡᠭᠦᠷᠡᠰᠦᠨ ᠠᠭᠤᠷᠬᠠᠢ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠭᠦᠨ ᠤ ᠳᠤ ᠬᠠᠮᠲᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ | ᠪᠣᠯᠤᠨ ᠬᠠᠮᠢᠶᠠᠷᠤᠯᠲᠠ ᠵᠢᠴᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠳᠡᠰ ᠳᠡᠪᠰᠢᠭᠦᠯᠬᠦ ᠵᠡᠷᠭᠡ ᠲᠠᠯ᠎ᠠ ᠪᠠᠷ ᠰᠣᠯᠢᠯᠴᠠᠭ᠎ᠠ ᠬᠢᠪᠡ᠃ ᠪᠠᠶᠢᠴᠠᠭᠠᠨ ᠰᠤᠳᠤᠯᠬᠤ | ᠳᠤᠭᠤᠶᠢᠯᠠᠩ ᠨᠢ ᠠᠵᠤ ᠠᠬᠤᠶᠢᠯᠠᠯ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤᠮᠳᠠ | ᠲᠤᠯᠭᠠᠷᠠᠭᠰᠠᠨ ᠬᠦᠴᠢᠷᠳᠡᠯ ᠪᠠ ᠣᠷᠣᠰᠢᠵᠤ ᠪᠠᠶ᠋ᠭ᠎ᠠ ᠠᠰᠠᠭᠤᠳᠠᠯ ᠢ ᠭᠦᠨᠵᠡᠭᠡᠶ ᠣᠶᠢᠯᠠᠭᠠᠵᠤ᠂ ᠵᠠᠯᠠᠶᠢᠨᠠᠭᠤᠷ | ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠶ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ ᠵᠠᠯᠠᠶᠢᠨᠠᠭᠤᠷ ᠲᠣᠭᠤᠷᠢᠭ ᠶᠡᠷᠦᠩᠬᠡᠶ ᠱᠦᠵᠢ ᠰᠢ ᠶᠢᠨ | ᠫᠢᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠦᠨᠡᠨ ᠬᠦ ᠦᠶ᠋ᠯᠡᠳᠦᠯᠭᠡᠵᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ ᠢᠯᠡᠳᠲᠡ ᠠᠮᠵᠢᠯᠲᠠ ᠣᠯᠪᠠ᠃ ᠳᠠᠷᠠᠭ᠎ᠠ | ᠠᠯᠬᠤᠮ ᠤᠨ ᠠᠵᠢᠯ ᠤᠨ ᠳᠤᠮᠳᠠ ᠪᠣᠬᠢᠷᠲᠤᠯ ᠦᠭᠡᠢ ᠠᠭᠤᠷᠬᠠᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ | ᠭᠦᠨᠵᠡᠭᠡᠶ ᠲᠤᠭᠤᠰᠢᠯᠠᠭᠤᠯᠤᠨ᠂ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠪᠦᠬᠦ | ᠬᠦᠴᠦᠨ ᠢᠶᠠᠷ ᠢᠶᠠᠨ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠬᠦ ᠬᠡᠷᠡᠭᠲᠡᠶ᠃ ᠬᠤᠯᠪᠣᠭᠳᠠᠯ ᠪᠦᠬᠦᠢ | ᠠᠭᠤᠷᠬᠠᠢ ᠶᠢᠨ ᠠᠵᠤ ᠠᠬᠤᠶᠢᠯᠠᠯ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠡᠬᠢ ᠪᠠᠶᠠᠯᠢᠭ ᠤᠨ | ᠲᠥᠯᠥᠪᠵᠢᠭᠦᠯᠪᠡ᠂ ᠬᠠᠶᠢᠨ ᠪᠠᠶᠢᠴᠠᠭᠠᠯᠲᠠ᠂ ᠨᠡᠭᠡᠭᠡᠨ ᠠᠰᠢᠭᠯᠠᠯᠲᠠ ᠪᠠ ᠬᠠᠮᠠᠭᠠᠯᠠᠯᠲᠠ ᠶᠢᠨ ᠪᠦᠬᠦ ᠶᠠᠪᠤᠴᠠ ᠳᠤ | ᠲᠤᠭᠤᠰᠢᠯᠠᠭᠤᠯᠵᠠᠶ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ | ᠵᠢᠷᠤᠮᠯᠠᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠪᠡᠶᠡᠯᠡᠭᠦᠯᠦᠨ᠎ᠡ᠃ | | | |