ᠵᠠᠯᠠᠶᠢᠨᠠᠭᠤᠷ ᠲᠣᠭᠤᠷᠢᠭ ᠤᠨ ᠬᠤᠶᠠᠳᠤᠭᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠢᠨᠬᠤᠸᠠ ᠨᠡᠶᠢᠭᠡᠮ ᠲᠣᠭᠤᠷᠢᠭ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/8/27
    ᠦᠨᠡᠨᠴᠢ ᠢᠲᠡᠭᠡᠮᠵᠢ ᠪᠣᠯ‌‍ᠰᠣᠶᠣᠯᠲᠠᠨ ᠬᠥᠮᠦᠨ ᠤ ᠵᠣᠭᠰᠣᠴᠠ ᠶᠢᠨ ᠦᠨᠳᠦᠰᠦ ᠮᠥᠨ᠂ ᠨᠡᠶᠢᠭᠡᠮ ᠤᠨ ᠬᠥᠭᠵᠢᠯᠲᠡ ᠶᠢᠨ ᠦᠨᠳᠦᠰᠦ ᠮᠥᠨ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠥᠯᠥᠭᠡ᠂ ᠦᠨᠡᠨᠴᠢ ᠢᠲᠡᠭᠡᠮᠵᠢ ᠶᠢ ᠪᠦᠷᠢᠲᠦᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ  ᠢ ᠡᠭᠦᠳᠦᠨ  ᠪᠠᠶᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠶᠢᠨ ᠲᠥᠯᠥᠭᠡ᠂ ᠰᠢᠨᠬᠤᠸᠠ ᠨᠡᠶᠢᠭᠡᠮ ᠲᠤᠭᠤᠷᠢᠭ ᠠᠴᠠ  8 ᠰᠠᠷ᠎ᠠ ᠶᠢᠨ 25 ᠤ ᠦᠳᠡ ᠶᠢᠨ ᠡᠮᠦᠨ᠎ᠡ ᠨᠡᠶᠢᠭᠡᠮ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠶᠠᠪᠤᠴᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ ᠰᠠᠭᠤᠭᠠᠯᠢ ᠠᠷᠠᠳ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ  ᠰᠠᠨᠠᠭᠠᠴᠢᠯᠠᠭ᠎ᠠ ᠶᠢᠨ  ᠪᠢᠴᠢᠭ ᠲᠠᠷᠬᠠᠭᠠᠵᠤ᠂ ᠣᠯᠠᠨ ᠢᠶᠠᠷ ᠢᠶᠠᠨ ᠦᠨᠡᠨᠴᠢ ᠢᠲᠡᠭᠡᠮᠵᠢ ᠶᠢ ᠢᠳᠡᠪᠬᠢᠲᠡᠶ ᠦᠶ᠋ᠯᠡᠳᠦᠯᠭᠡᠵᠢᠭᠦᠯᠵᠡᠶ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠵᠡᠷᠭᠡ ᠲᠠᠯ᠎ᠠ ᠪᠠᠷ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠢᠯᠡᠷᠡᠭᠦᠯᠦᠨ᠂ ︽ᠢᠲᠡᠭᠡᠯ ᠬᠦᠨᠳᠦ ᠲᠠᠢ ᠪᠠᠶᠢᠬᠤ ᠨᠢ ᠢᠷᠠᠭᠤ ᠠᠯᠳᠠᠷ ᠲᠠᠢ᠂ ᠢᠲᠡᠭᠡᠯ ᠠᠯᠳᠠᠪᠠᠯ ᠢᠴᠢᠭᠦᠷᠢ ᠭᠤᠲᠤᠮᠰᠢᠭ ᠲᠠᠢ ᠪᠣᠯᠬᠤ︾ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠬᠦᠴᠦᠲᠡᠶ ᠪᠠᠲᠤᠯᠠᠭ᠎ᠠ ᠬᠠᠩᠭᠠᠵᠠᠢ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠲᠠᠢ ᠪᠠᠶᠢᠬᠤ︾ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠤᠶ ᠪᠣᠯᠭᠠᠵᠤ᠂ ᠡᠯ᠎ᠡ  ᠵᠦᠢᠯ ᠤᠨ ᠠᠵᠢᠯ ᠢ ᠨᠡᠩ ᠰᠠᠶᠢᠨ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号