ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ | ᠲᠥᠯᠥᠭᠡ᠂ ᠵᠠᠯᠠᠶᠢᠨᠠᠭᠤᠷ ᠲᠣᠭᠤᠷᠢᠭ ᠤᠨ ᠪᠠᠭᠰᠢ ᠳᠤᠲᠠᠭᠳᠠᠵᠤ ᠪᠠᠶᠢᠭ᠎ᠠ ᠪᠣᠳᠠᠲᠠᠶ ᠬᠦᠴᠢᠷᠳᠡᠯ ᠢ ᠨᠠᠮᠳᠠᠭᠤᠯᠵᠤ᠂ | ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ︽2020 ᠣᠨ ᠤ ᠬᠥᠯᠥᠨ ᠪᠤᠶᠢᠷ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠤᠨ ᠪᠠᠭᠰᠢ ᠶᠢ ᠢᠯᠡ ᠪᠠᠷ ᠤᠷᠢᠬᠤ ᠶᠢ ᠬᠡᠷᠡᠭᠵᠢᠭᠦᠯᠬᠦ ᠲᠥᠰᠦᠯ︾ ᠤᠨ | ᠲᠣᠭᠲᠠᠭᠠᠯ ᠢ ᠦᠨᠳᠦᠰᠦᠯᠡᠨ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠡᠮᠦᠨᠡᠬᠢ ᠬᠤᠭᠤᠴᠠᠭᠠᠨ ᠤ ᠨᠠᠷᠢᠨ ᠨᠢᠮᠪᠠᠶ ᠠᠵᠢᠯ ᠤᠨ ᠪᠡᠯᠡᠳᠬᠡᠯ ᠢ ᠥᠩᠭᠡᠷᠡᠭᠦᠯᠵᠡᠶ᠃ 8 ᠰᠠᠷ᠎ᠠ ᠶᠢᠨ | 26 ᠤ ᠡᠳᠦᠷ ᠵᠠᠯᠠᠶᠢᠨᠠᠭᠤᠷ ᠲᠣᠭᠤᠷᠢᠭ ᠤᠨ ᠨᠠᠮ ᠤᠨ ᠰᠤᠷᠭᠠᠭᠤᠯᠢ ᠳᠤ 2020 ᠣᠨ ᠳᠤ ᠳᠤᠮᠳᠠᠳᠤ ᠪᠠᠭ᠎ᠠ | ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠤᠨ ᠪᠠᠭᠰᠢ ᠶᠢ ᠢᠯᠡ ᠪᠠᠷ ᠤᠷᠢᠨ ᠡᠯᠰᠡᠬᠦ ᠠᠵᠢᠯ ᠢ ᠥᠷᠨᠢᠭᠦᠯᠪᠡ᠃ | ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠩ᠂ ᠵᠠᠯᠠᠶᠢᠨᠠᠭᠤᠷ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢ ᠹᠦ᠋ ᠵᠢᠶᠠ᠂ ᠵᠠᠯᠠᠶᠢᠨᠠᠭᠤᠷ ᠲᠣᠭᠤᠷᠢᠭ ᠤᠨ ᠰᠤᠷᠭᠠᠨ | ᠬᠥᠮᠥᠵᠢᠯ ᠤᠨ ᠲᠣᠪᠴᠢᠶᠠᠨ ᠤ ᠳᠡᠳ᠋ ᠳᠠᠷᠤᠭ᠎ᠠ ᠳ᠋ᠦᠩ ᠪᠦᠦ ᠭᠠᠩ ᠲᠤᠬᠠᠶ ᠶᠢᠨ ᠲᠠᠯᠠᠪᠠᠶ ᠳᠤ ᠣᠷᠣᠯᠴᠠᠭᠰᠠᠨ | ᠪᠥᠭᠡᠳ ᠠᠵᠢᠯ ᠵᠢᠯᠣᠭᠤᠳᠪᠠ᠃ | | | | | ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ | ᠪᠠᠭᠰᠢ ᠶᠢ ᠢᠯᠡ ᠪᠠᠷ ᠤᠷᠢᠬᠤ ᠤᠳᠤᠷᠢᠳᠬᠤ ᠳᠤᠭᠤᠶᠢᠯᠠᠩ ᠢ ᠪᠠᠶᠢᠭᠤᠯᠪᠠ︔ ᠮᠣᠷᠠᠯ ᠴᠢᠳᠠᠪᠤᠷᠢ ᠶᠢ | ᠬᠤᠤᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠭᠤᠣᠯᠴᠢ᠂ ᠡᠷᠬᠡ ᠲᠡᠭᠰᠢ᠂ ᠥᠷᠢᠰᠦᠯᠳᠦᠬᠦ᠂ | ᠰᠢᠯᠢᠳᠡᠭ ᠢ ᠨᠢ ᠰᠣᠩᠭᠤᠬᠤ ᠪᠣᠯᠤᠨ ᠰᠢᠯᠭᠠᠯᠲᠠ ᠶᠢ ᠬᠢᠨᠠᠨ ᠪᠠᠶᠢᠴᠠᠭᠠᠬᠤ ᠶᠢ ᠤᠶᠠᠯᠳᠤᠭᠤᠯᠬᠤ ᠵᠠᠷᠴᠢᠮ ᠢ | ᠪᠠᠷᠢᠮᠲᠠᠯᠠᠵᠠᠶ᠃ ᠬᠥᠯᠥᠨ ᠪᠤᠶᠢᠷ ᠬᠤᠲᠠ ᠶᠢᠨ ᠨᠢᠭᠡᠳᠦᠯᠲᠡᠶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠢᠭᠡᠳᠦᠯᠲᠡᠶ | ᠴᠠᠭ ᠲᠤ ᠪᠢᠷ ᠤᠨ ᠰᠢᠯᠭᠠᠯᠲᠠ ᠪᠠᠷ ᠳᠠᠮᠵᠢᠨ᠂ ᠮᠡᠳᠡᠭᠦᠯᠦᠭᠰᠡᠨ ᠠᠵᠢᠯ ᠤᠨ ᠪᠠᠶᠢᠷᠢ ᠶᠢ ᠦᠨᠳᠦᠰᠦᠯᠡᠨ᠂ ᠬᠥᠯᠥᠨ | ᠪᠤᠶᠢᠷ ᠬᠤᠲᠠ ᠶᠢᠨ ᠢᠯᠡ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠤᠨ ᠪᠠᠭᠰᠢ ᠶᠢ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠵᠥᠪᠰᠢᠶᠡᠷᠡᠯ ᠣᠯᠭᠤᠭᠰᠠᠨ ᠤ ᠳᠠᠷᠠᠭ᠎ᠠ ᠵᠠᠯᠠᠶᠢᠨᠠᠭᠤᠷ | ᠲᠣᠭᠤᠷᠢᠭ ᠤᠨ ᠢᠯᠡ ᠪᠠᠷ ᠡᠯᠰᠡᠬᠦ ᠬᠢᠷᠢ ᠬᠡᠮ ᠢ ᠳᠠᠬᠢᠨ ᠬᠢᠨᠠᠬᠤ᠂ ᠲᠤᠰᠬᠠᠶ ᠮᠡᠷᠭᠡᠵᠢᠯ ᠤᠨ ᠰᠢᠯᠭᠠᠯᠲᠠ ᠬᠢᠬᠦ᠂ | ᠪᠡᠶ᠎ᠡ ᠶᠢᠨ ᠪᠠᠶᠢᠴᠠᠭᠠᠯᠲᠠ ᠬᠢᠬᠦ ᠪᠠ ᠰᠢᠨᠵᠢᠯᠡᠨ ᠪᠠᠶᠢᠴᠠᠭᠠᠬᠤ ᠵᠡᠷᠭᠡ ᠭᠤᠭᠴᠤᠭ᠎ᠠ ᠶᠢᠨ ᠠᠵᠢᠯ ᠤᠨ ᠬᠡᠷᠡᠭᠵᠢᠭᠦᠯᠬᠦ | ᠲᠥᠰᠦᠯ ᠢ ᠲᠣᠭᠲᠠᠭᠠᠨ᠎ᠠ︔ ᠠᠵᠢᠯ ᠤᠨ ᠪᠠᠶᠢᠷᠢ ᠨᠢᠭᠡᠪᠦᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ ᠪᠠ | ᠲᠤᠰᠬᠠᠶ ᠮᠡᠷᠭᠡᠵᠢᠯ ᠤᠨ ᠰᠢᠯᠭᠠᠯᠲᠠ ᠳᠤ ᠤᠷᠤᠭᠰᠠᠨ ᠬᠥᠮᠦᠨ ᠤ ᠲᠤᠭ᠎ᠠ 1᠄ 3 ᠶᠢᠨ ᠬᠠᠷᠢᠴᠠᠯ ᠶᠣᠰᠣᠭᠠᠷ᠂ | ᠠᠵᠢᠯ ᠤᠨ ᠪᠠᠶᠢᠷᠢ ᠨᠢᠭᠡᠪᠦᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠥᠨᠳᠥᠷ ᠠᠴᠠ ᠳᠣᠤᠷ᠎ᠠ | ᠲᠡᠶᠢᠰᠢ ᠶᠢᠨ ᠳᠠᠷᠠᠭᠠᠯᠠᠯ ᠢᠶᠠᠷ ᠬᠥᠮᠦᠨ ᠤ ᠲᠤᠭ᠎ᠠ ᠳᠤ ᠣᠷᠣᠬᠤ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ | ᠣᠷᠣᠬᠤ ᠶᠢ ᠲᠣᠭᠲᠠᠭᠠᠬᠤ ᠬᠡᠷᠡᠭᠲᠡᠶ᠃ | | | | | ᠬᠢᠷᠢ ᠬᠡᠮ ᠢ ᠳᠠᠬᠢᠨ ᠬᠢᠨᠠᠬᠤ ᠣᠶᠢᠶ᠎ᠠ ᠳᠤ᠂ ᠰᠤᠷᠭᠠᠨ ᠬᠥᠮᠦᠵᠢᠯ ᠤᠨ ᠲᠣᠪᠴᠢᠶ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠬᠤ᠂ ᠰᠢᠯᠭᠠᠭᠤᠯᠤᠭᠴᠢ ᠠᠮᠠᠪᠴᠢ ᠵᠡᠭᠦᠵᠦ᠂ | ᠬᠢᠷᠢ ᠬᠡᠮ ᠤᠨ ᠳᠠᠬᠢᠨ ᠬᠢᠨᠠᠯᠲᠠ ᠠᠴᠠ ᠡᠮᠦᠨᠡᠬᠢ ᠡᠳᠦᠷ ᠤᠨ ︽ᠡᠷᠡᠭᠦᠯ ᠮᠡᠨᠳᠦ ᠶᠢᠨ ᠺᠣᠳ᠋︾ ᠨᠣᠭᠤᠭᠠᠨ ᠺᠣᠳ᠋᠂ ︽ | ᠠᠶᠠᠯᠠᠯ ᠤᠨ ᠺᠣᠳ᠋︾ ᠨᠣᠭᠤᠭᠠᠨ ᠺᠣᠳ᠋ ᠪᠠ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠷᠡᠭᠦᠯ | ᠮᠡᠨᠳᠦ ᠶᠢᠨ ᠺᠣᠳ᠋︾ ᠨᠣᠭᠤᠭᠠᠨ ᠨᠣᠮᠧᠷ ᠤᠨ ᠳᠡᠯᠭᠡᠴᠡ ᠶᠢᠨ ᠥᠩᠭᠡᠲᠦ ᠳᠠᠷᠤᠮᠠᠯᠯᠠᠭᠰᠠᠨ ᠮᠠᠲ᠋ᠧᠷᠢᠶᠠᠯ ᠵᠡᠷᠭᠡ ᠶᠢ | ᠠᠪᠴᠤ ᠶᠠᠪᠤᠨ᠎ᠠ᠃ ᠡᠯ᠎ᠡ ᠲᠥᠷᠥᠯ ᠤᠨ ᠬᠥᠮᠦᠰ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | | | |