ᠰᠤᠷᠭᠠᠨ ᠬᠦᠮᠦᠵᠢᠯ ᠤᠨ ᠰᠢᠨ᠎ᠡ ᠤᠢᠢᠯᠠᠭᠠᠭᠳᠠᠬᠤᠨ ᠢᠶᠠᠷ ᠠᠩᠭᠢ ᠨᠢᠭᠡᠴᠢ ᠪᠠᠨ ᠬᠠᠮᠢᠶᠠᠷᠤᠶ᠎ᠠ
ᠨᠡᠶᠢᠲᠡᠯᠡᠭᠰᠡᠨ ᠴᠠᠭ᠄
2020/8/27
ᠠᠭᠤᠯᠭ᠎ᠠ ᠶᠢᠨ ᠲᠤᠪᠴᠢ᠄       1. ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠬᠤ       2. ᠠᠩᠭᠢ ᠨᠢᠭᠡᠴᠢ ᠶᠢᠨ ᠪᠠᠶᠢᠭᠤᠯᠤᠯᠳᠠ ᠳᠤ ᠡᠷᠬᠡᠪᠰᠢ ᠡᠶ᠎ᠡ ᠵᠤᠬᠢᠴᠠᠩᠭᠤᠢ ᠡᠷᠬᠡ ᠲᠡᠭᠰᠢ ᠬᠠᠷᠢᠴᠠᠭ᠎ᠠ ᠶᠢ ᠪᠠᠶᠢᠭᠤᠯᠬᠤ       3. ᠪᠡᠶ᠎ᠡ ᠰᠡᠳᠭᠢᠴᠡ ᠶᠢᠨ ᠡᠷᠡᠭᠦᠯ ᠮᠡᠨᠳᠤ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ       21 ᠳ᠋ᠦ᠋ᠭᠡᠷ ᠵᠠᠭᠤᠨ ᠤ ᠲᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠢᠯᠡ ᠲᠤᠳᠤ ᠴᠠᠭ ᠦᠶ᠎ᠡ ᠶᠢᠨ ᠢᠮ ᠲᠡᠮᠳᠡᠭ ᠪᠠᠶᠢᠵᠤ᠂ ᠲᠡᠳᠡ ᠦᠪᠡᠷ ᠤᠨ ᠢᠶᠠᠨ ᠦᠵᠡᠯᠳᠡ ᠲᠠᠨᠢᠯᠳᠠ ᠪᠠ ᠦᠪᠡᠷᠮᠢᠴᠡ ᠤᠨᠴᠠᠯᠢᠭ ᠲᠠᠢ ᠪᠠᠶᠢᠳᠠᠭ᠃ ᠡᠶᠢᠮᠤ ᠠᠴᠠ ᠠᠩᠭᠢ ᠨᠢᠭᠡᠴᠡ ᠶᠢᠨ ᠬᠠᠮᠢᠶᠠᠷᠤᠯᠳᠠ ᠲᠤᠮᠳᠠ᠂ ᠠᠩᠭᠢ ᠶᠢᠨ ᠡᠷᠬᠢᠯᠡᠭᠴᠢ ᠪᠤᠯᠤᠭᠰᠠᠳ ᠡᠨᠡᠬᠦ ᠤᠨᠴᠠᠯᠢᠭ ᠢ ᠨᠢ ᠠᠳᠬᠤᠨ ᠠᠪᠴᠤ᠂ ᠰᠤᠷᠤᠭᠴᠢᠳ ᠢ ᠰᠤᠷᠭᠠᠨ ᠬᠦᠮᠦᠵᠢᠯ ᠤᠨ ᠠᠵᠢᠯᠯᠠᠭ᠎ᠠ ᠳᠤ ᠤᠬᠠᠮᠰᠠᠷ ᠠᠴᠠ ᠨᠢ ᠤᠷᠤᠯᠴᠠᠭᠤᠯᠤᠨ᠂ ᠠᠵᠢᠯᠯᠠᠭ᠎ᠠ ᠲᠤᠮᠳᠠ ᠲᠠᠪᠳᠠᠭᠳᠠᠭᠤᠯᠤᠨ᠂ ᠠᠵᠢᠯᠯᠠᠭ᠎ᠠ ᠲᠤᠮᠳᠠ ᠦᠪᠡᠷ ᠢ ᠪᠠᠨ ᠲᠡᠭᠦᠯᠳᠡᠷᠵᠢᠭᠦᠯᠦᠨ ᠲᠡᠭᠡᠭᠰᠢᠯᠡᠭᠦᠯᠬᠦ ᠪᠤᠯᠭᠠᠵᠤ᠂ ᠪᠦᠬᠦ ᠲᠠᠯ᠎ᠠ ᠪᠠᠷ ᠡᠷᠡᠭᠦᠯ ᠢᠶᠠᠷ ᠬᠦᠭᠵᠢᠭᠦᠯᠬᠦ ᠬᠡᠷᠡᠭᠳᠠᠢ᠃ ᠲᠤᠤᠷ᠎ᠠ ᠪᠢ ᠦᠪᠡᠷ ᠤᠨ ᠢᠶᠠᠨ ᠰᠤᠷᠭᠠᠨ ᠬᠦᠮᠦᠵᠢᠯ ᠤᠨ ᠦᠢᠯᠡᠳᠤᠯᠭᠡ ᠲᠠᠢ ᠪᠠᠨ ᠤᠶᠠᠯᠳᠤᠭᠤᠯᠤᠨ ᠦᠪᠡᠷ ᠤᠨ ᠦᠵᠡᠯᠳᠡ ᠪᠠᠨ ᠮᠦᠴᠢᠳᠬᠡᠨ ᠦᠭᠦᠯᠡᠶ᠎ᠡ᠃       ᠨᠢᠭᠡ᠂ ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠨ ᠦᠭᠬᠦ ᠬᠡᠷᠡᠭᠳᠠᠢ᠃       ᠰᠤᠷᠤᠭᠴᠢ ᠪᠦᠬᠦᠨ ᠳᠤ ᠦᠪᠡᠷ ᠤᠨ ᠬᠢᠨ ᠨᠢᠭᠤᠴᠠᠬᠠᠢ ᠶᠢᠷᠳᠢᠨᠴᠤ ᠪᠠᠶᠢᠳᠠᠭ ᠪᠤᠯ ᠡᠭᠦᠨ ᠳᠤᠨᠢ ᠡᠯᠪᠡᠭ ᠪᠠᠶᠠᠯᠢᠭ ᠠᠭᠤᠯᠤᠭᠳᠠᠬᠤᠨ ᠪᠤᠢ᠄ ᠬᠦᠮᠦᠨ ᠪᠦᠬᠦᠨ ᠳᠤ ᠲᠠᠪᠰᠢᠶ᠎ᠠ ᠭᠡᠳᠡᠭ ᠪᠤᠳᠤᠯ᠂ ᠬᠦᠮᠦᠨ ᠪᠦᠬᠦᠨ ᠳᠤ ᠡᠯᠪᠡᠭ ᠪᠠᠶᠠᠯᠢᠭ ᠬᠦᠭᠵᠢᠭᠦᠯᠦᠯᠳᠡ ᠶᠢᠨ ᠲᠠᠯᠳᠠ ᠪᠤᠯᠤᠴᠠᠭ᠎ᠠ᠂ ᠬᠦᠮᠦᠨ ᠪᠦᠬᠦᠨ ᠳᠤ ᠦᠪᠡᠷ ᠤᠨ ᠬᠢᠨ ᠤᠶᠤᠨᠴᠢ ᠲᠠᠪᠠᠭᠤᠯᠢᠭ ᠲᠠᠯ᠎ᠠ ᠪᠠᠶᠢᠬᠤ ᠶᠤᠮ᠃ ᠠᠩᠭᠢ ᠶᠢᠨ ᠡᠷᠬᠢᠯᠡᠭᠴᠢ ᠪᠤᠯᠤᠭᠰᠠᠨ ᠤ ᠬᠤᠪᠢ ᠳᠤ ᠰᠤᠷᠤᠭᠴᠢ ᠶᠢᠨ ᠢᠶᠠᠨ ᠦᠰᠦᠨ ᠪᠤᠶᠢᠵᠢᠯᠳᠡ ᠬᠢᠭᠡᠳ ᠬᠦᠭᠵᠢᠯᠳᠡ ᠶᠢᠨ ᠬᠢᠨ ᠠᠯᠬᠤᠮ ᠪᠦᠷᠢ ᠶᠢ ᠴᠢᠳᠠᠮᠠᠭᠠᠢ ᠪᠠᠷ ᠢᠯᠡᠷᠡᠭᠦᠯᠬᠦ ᠶᠢᠨ ᠬᠠᠮᠳᠤ ᠠᠩᠬᠠᠷᠤᠨ ᠬᠠᠯᠠᠮᠵᠢᠯᠠᠵᠤ᠂ ᠰᠤᠷᠤᠭᠴᠢ ᠪᠠᠨ ᠬᠠᠪᠰᠤᠷᠤᠨ ᠦᠪᠡᠷ ᠤᠨ ᠬᠢᠨ ᠲᠠᠯᠳᠠ ᠪᠤᠯᠤᠯᠴᠠᠭ᠎ᠠ ᠶᠢ ᠨᠢ ᠢᠯᠡᠷᠡᠭᠦᠯᠵᠤ᠂ ᠰᠤᠷᠤᠭᠴᠢ ᠪᠠᠨ ᠡᠷᠡᠭᠦᠯ ᠰᠠᠷᠠᠭᠤᠯ ᠪᠡᠶ᠎ᠡ ᠰᠡᠳᠭᠢᠴᠡ ᠲᠠᠢ ᠪᠤᠯᠭᠠᠨ ᠬᠦᠮᠦᠵᠢᠭᠦᠯᠬᠦ ᠬᠡᠷᠡᠭᠳᠠᠢ᠃ ᠰᠤᠷᠤᠭᠴᠢ ᠪᠦᠬᠦᠨ ᠨᠢ ᠪᠦᠷ ᠨᠢᠭᠡᠨ ᠵᠦᠢᠯ ᠤᠨ ᠤᠷ᠎ᠠ ᠴᠢᠳᠠᠪᠤᠷᠢ ᠲᠠᠢ ᠪᠠᠶᠢᠬᠤ ᠶᠢ ᠮᠡᠳᠡᠷᠡᠵᠤ᠂ ᠲᠡᠳᠡᠨᠠᠷ ᠤᠨ ᠵᠤᠷᠢᠭᠳᠠᠢ ᠪᠠᠷ ᠦᠢᠯᠡᠳᠤᠯᠭᠡᠵᠢᠭᠦᠯᠬᠦ ᠳᠤ ᠨᠦᠬᠦᠴᠡᠯ ᠬᠠᠩᠭᠠᠨ᠂ ᠦᠪᠡᠷ ᠤᠨ ᠪᠡᠶ᠎ᠡ ᠪᠠᠷ ᠨᠢ ᠰᠤᠩᠭᠤᠯᠳᠠ ᠬᠢᠯᠭᠡᠬᠦ ᠬᠡᠷᠡᠭᠳᠠᠢ︔ ᠲᠡᠳᠡᠨᠠᠷ ᠲᠤ ᠠᠵᠠ ᠲᠤᠬᠢᠶᠠᠯ ᠬᠠᠩᠭᠠᠨ᠂ ᠬᠤᠪᠢ ᠪᠡᠶ᠎ᠡ ᠶᠢ ᠨᠢ ᠲᠠᠪᠳᠠᠭᠳᠠᠭᠤᠯᠬᠤ ᠬᠡᠷᠡᠭᠳᠠᠢ︔ ᠲᠡᠳᠡᠨᠠᠷ ᠲᠤ ᠤᠷᠤᠨ ᠵᠠᠢ ᠬᠠᠩᠭᠠᠨ᠂ ᠦᠢᠯᠡᠳᠤᠯᠭᠡ ᠳᠤ ᠤᠷᠤᠯᠴᠠᠬᠤ ᠶᠢ ᠵᠤᠷᠢᠭᠵᠢᠭᠤᠯᠬᠤ ᠬᠡᠷᠡᠭᠳᠠᠢ᠃ ᠠᠩᠭᠢ ᠶᠢᠨ ᠡᠷᠬᠢᠯᠡᠭᠴᠢ ᠪᠤᠯᠤᠭᠰᠠᠳ ᠠᠯᠢᠪᠠ ᠮᠠᠭᠠᠳ ᠪᠤᠯᠤᠯᠴᠠᠭ᠎ᠠ ᠨᠦᠬᠦᠴᠡᠯ ᠢ ᠡᠭᠦᠳᠦᠨ᠂ ᠰᠤᠷᠤᠭᠴᠢᠳ ᠲᠠᠭᠠᠨ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠪᠠᠶᠢᠭᠤᠯᠤᠨ ᠦᠭᠴᠤ᠂ ᠰᠤᠷᠤᠭᠴᠢ ᠪᠦᠬᠦᠨ ᠢᠶᠠᠨ ᠦᠪᠡᠷ ᠤᠨ ᠬᠢᠨ ᠤᠨᠴᠠᠯᠢᠭ ᠬᠡᠪ ᠨᠠᠮᠪᠠ ᠲᠠᠢ ᠪᠤᠯᠭᠠᠨ ᠬᠦᠮᠦᠵᠢᠭᠦᠯᠵᠤ᠂ ᠢᠩᠭᠢᠪᠡᠯ ᠰᠠᠶ᠋ᠢ ᠰᠤᠷᠤᠭᠴᠢᠳ ᠢᠶᠠᠨ ᠪᠦᠬᠦ ᠲᠠᠯ᠎ᠠ ᠶᠢᠨ ᠡᠷᠡᠭᠦᠯ ᠬᠦᠭᠵᠢᠯᠳᠡ ᠲᠠᠢ ᠪᠤᠯᠭᠠᠵᠤ ᠴᠢᠳᠠᠬᠤ ᠶᠤᠮ᠃ ᠲᠤᠬᠠᠢᠢᠯᠠᠪᠠᠯ ᠲᠤᠰ ᠬᠦᠮᠦᠨ ᠤᠯᠠᠮᠵᠢᠯᠠᠯᠳᠤ ᠬᠡᠪ ᠵᠠᠭᠪᠤᠷ ᠢ ᠡᠪᠳᠡᠨ᠂ ᠠᠩᠭᠢ ᠶᠢᠨ ᠺᠠᠳ᠋ᠷ ᠢ ᠡᠭᠡᠯᠵᠢᠯᠡᠭᠦᠯᠬᠦ ᠲᠦᠷᠢᠮ ᠢ ᠬᠡᠷᠡᠭᠵᠢᠭᠦᠯᠵᠤ᠂ ᠪᠦᠬᠦ ᠰᠤᠷᠤᠭᠴᠢ ᠪᠠᠨ ᠲᠠᠪᠳᠠᠭᠳᠠᠭᠤᠯᠤᠭᠰᠠᠨ ᠢᠶᠠᠷ ᠦᠯᠦ ᠪᠠᠷᠠᠨ ᠤᠷ᠎ᠠ ᠠᠪᠢᠶᠠᠰ ᠢᠶᠠᠨ ᠢᠯᠡᠷᠡᠭᠦᠯᠤᠨ ᠭᠠᠶᠢᠬᠠᠭᠤᠯᠬᠤ ᠲᠤᠬᠢᠶᠠᠯ ᠤᠯᠭᠤᠭᠰᠠᠨ ᠪᠠᠶᠢᠨ᠎ᠠ᠃ ᠡᠨᠡᠬᠦ ᠠᠷᠭ᠎ᠠ ᠪᠠᠷᠢᠯ ᠰᠤᠷᠤᠭᠴᠢᠳ ᠤᠨ ᠬᠦᠷᠢᠶᠡᠯᠡᠯ ᠢ ᠶᠡᠬᠡᠪᠡᠷ ᠤᠯᠵᠤ᠂ ᠲᠡᠳᠡᠨᠠᠷ ᠤᠨ ᠤᠷᠮ᠎ᠠ ᠶᠢ ᠬᠦᠭᠵᠢᠭᠡᠨ᠂ ᠰᠤᠷᠤᠯᠴᠠᠬᠤ ᠢᠳᠡᠪᠬᠢᠵᠢᠯ ᠢ ᠨᠢ ᠲᠠᠶᠢᠴᠢᠯᠠᠭᠰᠠᠨ ᠪᠠᠶᠢᠨ᠎ᠠ᠃ ᠦᠨᠡᠨᠳᠡᠭᠡᠨ ᠭᠠᠭᠴᠠᠬᠦ ᠢᠩᠭᠢᠪᠡᠯ ᠰᠠᠶ᠋ᠢ ᠪᠦᠬᠦ ᠰᠤᠷᠤᠭᠴᠢ ᠪᠠᠷ ᠬᠠᠨᠳᠤᠯᠭ᠎ᠠ ᠪᠤᠯᠭᠠᠭᠰᠠᠨ ᠱᠠᠭᠠᠷᠳᠠᠯᠭ᠎ᠠ ᠪᠠᠨ ᠢᠯᠡᠷᠡᠭᠦᠯᠵᠤ᠂ ᠢᠷᠡᠭᠡᠳᠤᠢ ᠶᠢᠨ ᠦᠷᠢᠰᠦᠯᠳᠦᠭᠡᠨ ᠤ ᠱᠠᠭᠠᠷᠳᠠᠯᠭ᠎ᠠ ᠳᠤ ᠨᠡᠶᠢᠴᠡᠵᠤ ᠴᠢᠳᠠᠬᠤ ᠶᠤᠮ᠃ ᠡᠭᠦᠨ ᠠᠴᠠ ᠭᠠᠳᠠᠨ᠎ᠠ᠂ ᠪᠢ ᠪᠠᠰᠠ ᠰᠤᠷᠤᠭᠴᠢᠳ ᠤᠨ ᠢᠶᠠᠨ ᠦᠪᠡᠷᠮᠢᠴᠡ ᠤᠨᠴᠠᠯᠢᠭ ᠢ ᠪᠠᠳᠠᠷᠠᠭᠤᠯᠬᠤ ᠳᠤ ᠨᠡᠩ ᠤᠯᠠᠨ ᠨᠦᠬᠦᠴᠡᠯ ᠡᠭᠦᠳᠦᠨ ᠦᠭᠭᠦᠭᠰᠡᠨ ᠪᠠᠶᠢᠨ᠎ᠠ᠂ ᠵᠢᠱᠢᠶᠡᠯᠡᠪᠡᠯ ᠶᠠᠷᠢᠶ᠎ᠠ ᠢᠯᠡᠳᠭᠡᠯ ᠪᠠ ᠵᠤᠬᠢᠶᠠᠨ ᠪᠢᠴᠢᠯᠭᠡ ᠶᠢᠨ ᠤᠷᠤᠯᠳᠤᠭᠠᠨ ᠶᠠᠪᠤᠭᠤᠯᠬᠤ᠂ ᠲᠡᠳᠡᠨᠠᠷ ᠢ ᠵᠤᠬᠢᠶᠠᠨ ᠪᠠᠶᠢᠭᠤᠯᠤᠨ ᠬᠠᠨ᠎ᠠ ᠶᠢᠨ ᠰᠤᠨᠢᠨ ᠪᠠ ᠰᠠᠮᠪᠠᠷ᠎ᠠ ᠶᠢᠨ ᠰᠤᠨᠢᠨ ᠭᠠᠷᠭᠠᠬᠤ ᠵᠡᠷᠭᠡ ᠪᠠᠷ ᠲᠠᠮᠵᠢᠭᠤᠯᠤᠨ᠂ ᠰᠤᠷᠤᠭᠴᠢᠳ ᠤᠨ ᠢᠯᠡᠳᠭᠡᠬᠦ ᠴᠢᠳᠠᠪᠤᠷᠢ᠂ ᠵᠤᠬᠢᠶᠠᠨ ᠪᠢᠴᠢᠬᠦ ᠴᠢᠳᠠᠪᠤᠷᠢ ᠪᠠ ᠵᠤᠬᠢᠶᠠᠨ ᠪᠠᠶᠢᠭᠤᠯᠬᠤ ᠴᠢᠳᠠᠪᠤᠷᠢ ᠶᠢ ᠲᠠᠪᠳᠠᠨ ᠪᠤᠯᠪᠠᠰᠤᠷᠠᠭᠤᠯᠵᠤ᠂ ᠰᠤᠷᠤᠭᠴᠢᠳ ᠢ ᠡᠯ᠎ᠡ ᠵᠦᠢᠯ ᠤᠨ ᠠᠵᠢᠯᠯᠠᠭ᠎ᠠ ᠲᠤᠮᠳᠠ ᠲᠠᠪᠳᠠᠭᠳᠠᠭᠤᠯᠤᠨ᠂ ᠠᠩᠭᠢ ᠨᠢᠭᠡᠴᠡ ᠶᠢᠨ ᠨᠢᠭᠳᠠᠷᠠᠯ ᠤᠨ ᠬᠦᠴᠦᠨ ᠢ ᠴᠢᠩᠭᠠᠳᠬᠠᠭᠰᠠᠨ ᠪᠠᠶᠢᠨ᠎ᠠ᠃ ᠭᠠᠭᠴᠠᠬᠦ ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠠᠵᠠ ᠲᠤᠬᠢᠶᠠᠯ ᠤᠯᠭᠤᠪᠠᠯ ᠰᠠᠶ᠋ᠢ ᠲᠡᠳᠡᠨ ᠤ ᠲᠠᠪᠠᠭᠤᠯᠢᠭ ᠲᠠᠯ᠎ᠠ ᠶᠢ ᠢᠯᠡᠷᠡᠭᠦᠯᠬᠦ ᠳᠤ ᠠᠰᠢᠭᠳᠠᠢ ᠪᠦᠭᠡᠳ ᠲᠡᠳᠡᠨᠠᠷ ᠤᠨ ᠬᠦᠭᠵᠢᠯᠳᠡ ᠳᠤ ᠴᠤ ᠠᠰᠢᠭᠳᠠᠢ ᠶᠤᠮ᠃      ᠬᠤᠶᠠᠷ᠂ ᠠᠩᠭᠢ ᠨᠢᠭᠡᠴᠢ ᠶᠢᠨ ᠪᠠᠶᠢᠭᠤᠯᠤᠯᠳᠠ ᠳᠤ ᠡᠷᠬᠡᠪᠰᠢ ᠡᠶ᠎ᠡ ᠵᠤᠬᠢᠴᠠᠩᠭᠤᠢ ᠡᠷᠬᠡ ᠲᠡᠭᠰᠢ ᠬᠠᠷᠢᠴᠠᠭ᠎ᠠ ᠶᠢ ᠪᠠᠶᠢᠭᠤᠯᠬᠤ ᠬᠡᠷᠡᠭᠳᠠᠢ᠃      ᠡᠶ᠎ᠡ ᠵᠤᠬᠢᠴᠠᠩᠭᠤᠢ ᠦᠵᠡᠯ ᠰᠠᠨᠠᠭ᠎ᠠ ᠪᠤᠯ ᠠᠵᠢᠯ ᠠᠮᠢᠳᠤᠷᠠᠯ ᠰᠤᠷᠤᠯᠴᠠᠯᠭ᠎ᠠ ᠲᠤᠮᠳᠠ ᠬᠠᠶᠠ ᠦᠭᠡᠢ ᠤᠷᠤᠰᠢᠳᠠᠭ᠄ ᠬᠦᠷᠰᠢ ᠵᠡᠷᠭᠡᠯᠡᠳᠡᠭᠡ᠂ ᠬᠠᠮᠳᠤ ᠨᠦᠬᠦᠳ ᠤᠨ ᠬᠤᠭᠤᠷᠤᠨᠳᠤᠬᠢ ᠡᠶ᠎ᠡ ᠵᠤᠬᠢᠴᠠᠩᠭᠤᠢ ᠬᠠᠷᠢᠴᠠᠭ᠎ᠠ᠂ ᠵᠢᠭᠠᠨ ᠰᠤᠷᠭᠠᠬᠤ ᠠᠵᠢᠯ ᠲᠤᠮᠳᠠᠬᠢ ᠮᠠᠲ᠋ᠧᠷᠢᠶᠠᠯ ᠪᠠ ᠬᠦᠮᠦᠨ ᠢ ᠦᠨᠳᠤᠰᠤᠯᠡᠨ ᠵᠢᠭᠠᠬᠤ᠂ ᠬᠠᠮᠢᠶᠠᠷᠤᠯᠳᠠ ᠶᠢᠨ ᠠᠵᠢᠯ ᠲᠤᠮᠳᠠᠬᠢ ᠡᠷᠬᠡ ᠲᠡᠭᠰᠢ ᠪᠠᠷ ᠬᠠᠨᠳᠤᠬᠤ ᠵᠡᠷᠭᠡ ᠪᠤᠯ ᠪᠦᠷ ᠡᠶ᠎ᠡ ᠵᠤᠬᠢᠴᠠᠩᠭᠤᠢ ᠦᠵᠡᠯ ᠰᠠᠨᠠᠭᠠᠨ ᠤ ᠪᠤᠳᠠᠳᠤ ᠢᠯᠡᠷᠡᠯ ᠪᠤᠯᠤᠨ᠎ᠠ᠃ ᠵᠠᠯᠠᠭᠤᠴᠤᠳ ᠪᠠᠭᠠᠴᠤᠳ ᠲᠤ ᠪᠦᠷ ᠤᠷᠤᠭᠰᠢᠯᠠᠨ ᠲᠠᠪᠰᠢᠬᠤ ᠪᠠ ᠢᠷᠠᠭᠤ ᠠᠯᠳᠠᠷ ᠤᠨ ᠰᠡᠳᠭᠢᠯᠭᠡ ᠪᠠᠶᠢᠳᠠᠭ᠃ ᠠᠩᠭᠢ ᠶᠢᠨ ᠡᠷᠬᠢᠯᠡᠭᠴᠢ ᠪᠤᠯᠤᠭᠰᠠᠨ ᠤ ᠬᠤᠪᠢ ᠳᠤ ᠡᠭᠦᠨ ᠢ ᠡᠷᠬᠡᠪᠰᠢ ᠮᠡᠳᠡᠬᠦ ᠬᠡᠷᠡᠭᠳᠠᠢ ᠪᠦᠭᠡᠳ ᠡᠨᠡᠬᠦ ᠰᠡᠳᠭᠢᠴᠡ ᠶᠢ ᠨᠢ ᠠᠳᠬᠤᠨ ᠠᠪᠴᠤ᠂ ᠰᠤᠷᠤᠭᠴᠢᠳ ᠲᠤ ︽ᠠᠩᠭᠢ ᠨᠢᠭᠡᠴᠢ ᠪᠤᠯ ᠨᠦᠬᠦᠳ ᠨᠠᠷ ᠨᠢᠭᠡᠪᠤᠷᠢ ᠶᠢᠨ ᠬᠢ ᠶᠤᠮ᠂ ᠤᠯᠠᠨ ᠢᠶᠠᠷ ᠢᠶᠠᠨ ᠲᠡᠭᠦᠨ ᠤ ᠲᠦᠯᠦᠭᠡ ᠴᠢᠷᠮᠠᠶᠢᠨ ᠲᠡᠮᠡᠴᠡᠬᠦ ᠬᠡᠷᠡᠭᠳᠠᠢ᠃ ᠠᠩᠭᠢ ᠨᠢᠭᠡᠴᠢ ᠶᠢᠨ ᠢᠷᠠᠭᠤ ᠠᠯᠳᠠᠷ ᠪᠤᠯ ᠨᠦᠭᠦᠳ ᠨᠠᠷ ᠨᠢᠭᠡᠪᠤᠷᠢ ᠶᠢᠨ ᠢᠷᠠᠭᠤ ᠠᠯᠳᠠᠷ ᠪᠤᠯᠤᠨ᠎ᠠ︾ ᠭᠡᠳᠡᠭ ᠢ ᠮᠡᠳᠡᠭᠦᠯᠵᠤ ᠂ ᠰᠤᠷᠤᠭᠴᠢᠳ ᠲᠤ ᠦᠪᠡᠷ ᠤᠨ ᠬᠢᠨ ᠬᠠᠷᠢᠭᠤᠴᠠᠯᠭ᠎ᠠ ᠪᠠ ᠴᠢᠬᠤᠯᠠ ᠴᠢᠨᠠᠷ ᠢ ᠤᠢᠢᠯᠠᠭᠠᠭᠤᠯᠬᠤ ᠬᠡᠷᠡᠭᠳᠠᠢ᠃ ᠠᠩᠭᠢ ᠶᠢᠨ ᠡᠷᠬᠢᠯᠡᠭᠴᠢ ᠡᠷᠬᠡᠪᠰᠢ ᠰᠤᠷᠤᠭᠴᠢ ᠶᠢᠨ ᠰᠡᠳᠭᠢᠴᠡ ᠶᠢ ᠤᠢᠢᠯᠠᠭᠠᠬᠤ ᠬᠡᠷᠡᠭᠳᠠᠢ᠂ ᠶᠠᠮᠠᠷ ᠨᠢᠭᠡᠨ ᠱᠠᠩᠨᠠᠯ ᠬᠦᠷᠳᠡᠭᠰᠡᠨ ᠴᠤ ᠲᠡᠭᠦᠨ ᠢ ᠪᠠᠨ ᠠᠩᠭᠢ ᠶᠢᠨ ᠭᠡᠷ ᠤᠨ ᠢᠶᠠᠨ ᠢᠯᠡ ᠭᠠᠵᠠᠷ ᠡᠯᠭᠦᠵᠤ᠂ ᠪᠦᠬᠦ ᠠᠩᠬᠢ ᠶᠢᠨ ᠢᠶᠠᠨ ᠨᠦᠭᠦᠳ ᠲᠤ ᠡᠶᠢᠮᠤᠷᠬᠦ ᠢᠷᠠᠭᠤ ᠠᠯᠳᠠᠷ ᠢ ᠡᠳ᠋ᠯᠡᠭᠦᠯᠵᠤ᠂ ︽ᠪᠢ ᠠᠩᠭᠢ ᠶᠢᠨ ᠢᠶᠠᠨ ᠲᠦᠯᠦᠭᠡ ᠤᠮᠤᠭᠰᠢᠵᠤ᠂ ᠠᠩᠭᠢ ᠮᠢᠨᠢ ᠨᠠᠳᠠ ᠪᠠᠷ ᠦᠩᠭᠡ ᠭᠡᠷᠡᠯ ᠪᠤᠯᠭᠠᠬᠤ︾ ᠤᠬᠠᠮᠰᠠᠷ ᠢ ᠪᠤᠢ ᠪᠤᠯᠭᠠᠬᠤ ᠬᠡᠷᠡᠭᠳᠠᠢ᠃ ᠡᠶᠢᠮᠤᠷᠬᠦ ᠶᠠᠯᠢᠮ ᠦᠭᠡᠢ ᠶᠠᠪᠤᠳᠠᠯ ᠨᠢ ᠨᠢᠭᠳᠠᠷᠠᠯ ᠤᠨ ᠬᠦᠴᠦᠨ ᠢ ᠰᠠᠨᠠᠮᠰᠠᠷ ᠦᠭᠡᠢ ᠪᠠᠷ ᠴᠢᠩᠭᠠᠳᠬᠠᠵᠤ᠂ ᠰᠤᠷᠤᠭᠴᠢᠳ ᠤᠨ ᠡᠳᠤᠷ ᠲᠤᠳᠤᠮ ᠤᠨ ᠠᠮᠢᠳᠤᠷᠠᠯ ᠰᠤᠷᠤᠯᠴᠠᠯᠭ᠎ᠠ ᠲᠤᠮᠳᠠ ᠠᠩᠭᠢ ᠨᠢᠭᠡᠴᠢ ᠪᠠᠨ ᠤᠬᠠᠮᠰᠠᠷ ᠠᠴᠠ ᠪᠠᠨ ᠬᠠᠶᠢᠷᠠᠯᠠᠬᠤ ᠪᠤᠯᠭᠠᠵᠤ᠂ ᠡᠭᠦᠨ ᠤ ᠤᠯᠠᠮ ᠠᠴᠠ ᠨᠡᠶᠢᠳᠡᠴᠢ ᠦᠵᠡᠯ ᠤᠨ ᠦᠵᠡᠯᠳᠡ ᠶᠢ ᠴᠢᠩᠭᠠᠳᠬᠠᠨ᠂ ᠨᠦᠬᠦᠳ ᠤᠨ ᠬᠤᠭᠤᠷᠤᠨᠳᠤᠬᠢ ᠬᠠᠶᠢᠷ᠎ᠠ ᠰᠡᠳᠭᠢᠯᠭᠡ ᠶᠢ ᠵᠤᠵᠠᠭᠠᠳᠬᠠᠳᠠᠭ ᠪᠠᠶᠢᠨ᠎ᠠ᠃ ᠵᠠᠷᠢᠮ ᠠᠩᠭᠢ ᠶᠢᠨ ᠡᠷᠬᠢᠯᠡᠭᠴᠢ ᠨᠢ ᠢᠮᠠᠭᠳᠠ ᠴᠢᠩᠭ᠎ᠠ ᠬᠠᠮᠢᠶᠠᠷᠤᠯᠳᠠ ᠶᠢ ᠴᠢᠬᠤᠯᠠᠴᠢᠯᠠᠨ᠂ ᠬᠡᠮᠵᠢᠶᠡᠵᠢᠭᠦᠯᠬᠦ ᠪᠠᠷ ᠭᠤᠤᠯ ᠪᠤᠯᠭᠠᠬᠤ ᠶᠢ ᠠᠩᠬᠠᠷᠴᠤ᠂ ᠰᠤᠷᠤᠯᠭ᠎ᠠ ᠶᠢᠨ ᠬᠢᠷᠢ ᠪᠦᠳᠦᠮᠵᠢ᠂ ᠰᠢᠯᠭᠠᠯᠳᠠ ᠶᠢᠨ ᠬᠤᠪᠢ ᠶᠢ ᠬᠡᠳᠤ ᠴᠢᠬᠤᠯᠠᠴᠢᠯᠠᠵᠤ᠂ ᠡᠨᠡ ᠨᠢ ᠰᠤᠷᠤᠭᠴᠢ ᠶᠢᠨ ᠤᠷᠮ᠎ᠠ ᠰᠤᠨᠢᠷᠬᠠᠯ᠂ ᠵᠠᠩ ᠠᠭᠠᠰᠢ᠂ ᠤᠷ᠎ᠠ ᠴᠢᠳᠠᠪᠤᠷᠢ ᠵᠡᠷᠭᠡ ᠶᠢᠨ ᠬᠦᠭᠵᠢᠯᠳᠡ ᠶᠢ ᠬᠠᠷᠰᠢᠯᠠᠵᠤ᠂ ᠡᠨᠡ ᠨᠢ ᠤᠮᠳᠤᠭᠠᠢᠢᠯᠠᠵᠤ ᠪᠤᠯᠤᠰᠢ ᠦᠭᠡᠢ ᠬᠡᠮ ᠠᠷᠬᠠᠭ ᠪᠤᠯᠬᠤ ᠶᠤᠮ᠃ ᠡᠭᠦᠨ ᠤ ᠬᠤᠤᠷ ᠬᠦᠨᠦᠭᠡᠯ ᠨᠢ ᠪᠠᠭᠰᠢ ᠰᠤᠷᠤᠭᠴᠢ ᠶᠢᠨ ᠬᠤᠭᠤᠷᠤᠨᠳᠤᠬᠢ ᠬᠠᠷᠢᠴᠠᠭ᠎ᠠ ᠪᠠ ᠨᠦᠭᠦᠳ ᠤᠨ ᠬᠤᠭᠤᠷᠤᠨᠳᠤᠬᠢ ᠨᠦᠬᠦᠷᠯᠡᠯ ᠢ ᠡᠪᠳᠡᠵᠤ᠂ ︽ᠹᠸᠤᠳᠠᠯ︾ ᠤᠨ ᠵᠡᠷᠭᠡ ᠲᠡᠰ ᠤᠨ ᠲᠦᠷᠢᠮ ᠢ ᠠᠶᠠᠨᠳᠠᠭᠠᠨ ᠪᠤᠢ ᠪᠤᠯᠭᠠᠳᠠᠭ᠃ ᠠᠩᠭᠢ ᠶᠢᠨ ᠡᠷᠬᠢᠯᠡᠭᠴᠢ ᠬᠠᠮᠳᠤ ᠨᠡᠶᠢᠳᠡ ᠶᠢᠨ ᠪᠦᠷᠢᠯᠳᠦᠭᠦᠨ ᠤ ᠡᠷᠬᠡ ᠲᠡᠭᠰᠢ ᠪᠠᠷ ᠤᠷᠤᠰᠢᠬᠤ ᠶᠢ ᠰᠠᠨᠠᠭᠠᠴᠢᠯᠠᠵᠤ᠂ ︽ᠬᠤᠴᠤᠷᠤᠩᠭᠤᠢ ᠰᠤᠷᠤᠭᠴᠢ︾ ᠶᠢ ᠠᠩᠬᠠᠷᠤᠨ ᠬᠠᠯᠠᠮᠵᠢᠯᠠᠵᠤ᠂ ᠲᠡᠳᠡᠨᠠᠷ ᠢ ᠬᠠᠪᠰᠤᠷᠤᠨ ᠤᠷ᠎ᠠ ᠠᠪᠢᠶᠠᠰ ᠢ ᠨᠢ ᠢᠯᠡᠷᠡᠭᠦᠯᠦᠨ᠂ ᠦᠪᠡᠷ ᠤᠨ ᠬᠢᠨ ᠦᠪᠡᠷᠮᠢᠴᠡ ᠴᠢᠳᠠᠪᠤᠷᠢ ᠶᠢ ᠬᠦᠭᠵᠢᠭᠦᠯᠬᠦ ᠬᠡᠷᠡᠭᠳᠠᠢ᠃      ᠭᠤᠷᠪᠠ᠂ ᠪᠡᠶ᠎ᠡ ᠰᠡᠳᠭᠢᠴᠡ ᠶᠢᠨ ᠡᠷᠡᠭᠦᠯ ᠮᠡᠨᠳᠤ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠳᠠᠢ᠃       ᠮᠠᠰᠢ ᠤᠯᠠᠨ ᠭᠡᠷ ᠤᠨ ᠠᠬᠠᠮᠠᠳ ᠪᠠ ᠠᠩᠭᠢ ᠶᠢᠨ ᠡᠷᠬᠢᠯᠡᠭᠴᠢ ᠵᠦᠪᠬᠡᠨ ᠪᠡᠶ᠎ᠡ ᠮᠠᠬᠠᠪᠤᠳ ᠤᠨ ᠬᠢᠨ ᠡᠷᠡᠭᠦᠯ ᠮᠡᠨᠳᠤ ᠶᠢ ᠯᠡ ᠴᠢᠬᠤᠯᠠᠴᠢᠯᠠᠭᠠᠳ᠂ ᠰᠡᠳᠭᠢᠴᠡ ᠶᠢᠨ ᠡᠷᠡᠭᠦᠯ ᠮᠡᠨᠳᠤ ᠶᠢ ᠨᠢ ᠬᠦᠩᠭᠡᠪᠴᠢᠯᠡᠳᠡᠭ᠃ ᠡᠨᠡ ᠨᠢ ᠪᠦᠬᠦ ᠲᠠᠯ᠎ᠠ ᠶᠢᠨ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠶᠤᠮ᠃ ᠡᠨᠡᠬᠦ ᠬᠤᠶᠠᠷ ᠵᠦᠢᠯ ᠢ ᠬᠠᠮᠳᠤ ᠳᠤᠨᠢ ᠴᠢᠬᠤᠯᠠᠴᠢᠯᠠᠪᠠᠯ ᠰᠠᠶ᠋ᠢ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠤ ᠴᠢᠳᠠᠬᠤ ᠶᠤᠮ᠃ ᠲᠤᠮᠳᠠᠳᠤ ᠰᠤᠷᠭᠠᠭᠤᠯᠢ ᠶᠢᠨ ᠱᠠᠳᠤ ᠦᠶ᠎ᠡ ᠪᠤᠯ ᠰᠤᠷᠤᠭᠴᠢᠳ ᠤᠨ ᠪᠡᠶ᠎ᠡ ᠶᠢᠨ ᠦᠰᠦᠨ ᠪᠤᠶᠢᠵᠢᠯᠳᠠ᠂ ᠶᠢᠷᠳᠢᠨᠴᠤ ᠶᠢᠨ ᠦᠵᠡᠯᠳᠡ ᠪᠤᠢ ᠪᠤᠯᠬᠤ ᠶᠢᠨ ᠵᠠᠩᠭᠢᠯᠠᠭ᠎ᠠ ᠶᠢᠨ ᠴᠠᠭ ᠦᠶ᠎ᠡ ᠪᠤᠯᠤᠨ᠎ᠠ᠂ ᠪᠡᠶ᠎ᠡ ᠰᠡᠳᠭᠢᠯ ᠤᠨ ᠡᠷᠡᠭᠦᠯ ᠮᠡᠨᠳᠤ ᠨᠢ ᠬᠤᠪᠢ ᠬᠦᠮᠦᠨ ᠤ ᠦᠰᠦᠨ ᠪᠤᠶᠢᠵᠢᠯᠳᠠ ᠲᠠᠢ ᠬᠤᠯᠪᠤᠭᠳᠠᠬᠤ ᠪᠠᠷ ᠪᠠᠷᠠᠬᠤ ᠦᠭᠡᠢ᠂ ᠨᠡᠩ ᠴᠢᠬᠤᠯᠠ ᠨᠢ ᠭᠡᠷ ᠪᠦᠯᠢ ᠶᠢᠨ ᠵᠤᠯ ᠵᠢᠷᠭᠠᠯ᠂ ᠦᠨᠳᠤᠰᠤᠳᠡᠨ ᠤ ᠢᠷᠡᠭᠡᠳᠤᠢ᠂ ᠤᠯᠤᠰ ᠭᠦᠷᠦᠨ ᠤ ᠬᠤᠪᠢ ᠵᠠᠶᠠᠭ᠎ᠠ ᠲᠠᠢ ᠬᠤᠯᠪᠤᠭᠳᠠᠬᠤ ᠶᠤᠮ᠃ ᠡᠶᠢᠮᠤ ᠠᠴᠠ ᠠᠩᠭᠢ ᠶᠢᠨ ᠡᠷᠬᠢᠯᠡᠭᠴᠢ ᠨᠢ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠲᠠᠢ ᠬᠠᠮᠳᠤ ᠪᠠᠷ ᠡᠯ᠎ᠡ ᠵᠦᠢᠯ ᠤᠨ ᠠᠵᠢᠯᠯᠠᠭ᠎ᠠ ᠶᠢ ᠦᠷᠬᠦᠯᠵᠢ ᠶᠢᠨ ᠴᠢᠨᠠᠷᠳᠠᠢ ᠪᠠᠷ ᠵᠤᠬᠢᠶᠠᠨ ᠪᠠᠶᠢᠭᠤᠯᠤᠨ ᠦᠷᠨᠢᠭᠦᠯᠵᠤ᠂ ᠰᠤᠷᠤᠭᠴᠢᠳ ᠤᠨ ᠰᠤᠷᠤᠯᠴᠠᠯᠭ᠎ᠠ ᠶᠢᠨ ᠤᠬᠠᠮᠰᠠᠷᠳᠤ ᠴᠢᠨᠠᠷ᠂ ᠢᠳᠡᠪᠬᠢᠵᠢᠯᠳᠤ ᠴᠢᠨᠠᠷ ᠢ ᠲᠠᠶᠢᠴᠢᠯᠠᠨ᠂ ᠮᠡᠳᠡᠯᠭᠡ ᠶᠢᠨ ᠬᠡᠪᠴᠢᠶ᠎ᠡ ᠶᠢ ᠨᠢ ᠦᠷᠭᠡᠳᠭᠡᠨ᠂ ᠰᠡᠳᠭᠢᠴᠡ ᠶᠢ ᠨᠢ ᠦᠷᠭᠡᠵᠢᠭᠦᠯᠬᠦ ᠬᠡᠷᠡᠭᠳᠠᠢ᠃ ᠲᠤᠬᠠᠢᠢᠯᠠᠪᠠᠯ ︽ᠭᠠᠷᠠᠭ ᠪᠦᠷᠢ ᠨᠢᠭᠡ ᠪᠠᠳᠠᠭ ᠰᠢᠯᠦᠭ ᠴᠡᠭᠡᠵᠢᠯᠡᠬᠦ︾᠂ ︽ᠭᠠᠷᠠᠭ ᠪᠦᠷᠢ ᠨᠢᠭᠡ ᠬᠤᠪᠢ ᠭᠠᠷᠠᠭ ᠤᠨ ᠲᠡᠮᠳᠡᠭᠯᠡᠯ ᠪᠢᠴᠢᠬᠦ︾᠂ ︽ᠦᠨᠳᠤᠰᠤᠳᠡᠨ ᠤ ᠰᠤᠶᠤᠯ ᠤᠨ ᠮᠡᠳᠡᠯᠭᠡ ᠶᠢᠨ ᠤᠷᠤᠯᠳᠤᠭᠠᠨ︾᠂ ︽ᠤᠷᠠᠨ ᠵᠢᠷᠤᠭ ᠤᠷᠠᠨ ᠪᠢᠴᠢᠯᠭᠡ ᠶᠢᠨ ᠰᠢᠯᠭᠠᠷᠠᠭᠤᠯᠤᠯᠳᠠ︾ ᠵᠡᠷᠭᠡ ᠪᠠᠶᠢᠳᠠᠭ᠃ ᠡᠳᠡᠭᠡᠷ ᠠᠵᠢᠯᠯᠠᠭ᠎ᠠ ᠪᠠᠷ ᠲᠠᠮᠵᠢᠭᠤᠯᠤᠨ᠂ ᠰᠤᠷᠤᠭᠴᠢ ᠶᠢᠨ ᠮᠡᠳᠡᠯᠭᠡ ᠶᠢ ᠨᠡᠮᠡᠭᠳᠡᠭᠦᠯᠵᠤ᠂ ᠬᠠᠷᠠᠴᠠ ᠶᠢ ᠨᠢ ᠦᠷᠭᠡᠳᠭᠡᠨ᠂ ᠰᠠᠨᠠᠭ᠎ᠠ ᠰᠡᠳᠭᠢᠯᠭᠡ ᠶᠢ ᠨᠢ ᠬᠦᠮᠦᠵᠢᠭᠦᠯᠬᠦ ᠬᠡᠷᠡᠭᠳᠠᠢ᠃ ᠠᠩᠭᠢ ᠶᠢᠨ ᠡᠷᠬᠢᠯᠡᠭᠴᠢ ᠰᠠᠨᠠᠭᠠᠴᠢᠯᠠᠭ᠎ᠠ ᠠᠴᠠ ᠪᠠᠨ ᠰᠤᠷᠤᠭᠴᠢ ᠪᠠᠨ ᠲᠠᠭᠠᠭᠤᠯᠤᠨ ᠨᠡᠶᠢᠭᠡᠮ ᠤᠨ ᠠᠵᠢᠯᠯᠠᠭ᠎ᠠ ᠳᠤ ᠤᠷᠤᠯᠴᠠᠵᠤ᠂ ᠨᠡᠶᠢᠬᠡᠮ ᠤᠨ ᠪᠠᠶᠢᠴᠠᠭᠠᠯᠳᠠ ᠬᠢᠵᠤ᠂ ᠨᠡᠶᠢᠭᠡᠮ ᠢ ᠤᠢᠢᠯᠠᠭᠠᠨ᠂ ᠮᠠᠲ᠋ᠧᠷᠢᠶᠠᠯ ᠴᠤᠭᠯᠠᠭᠤᠯᠤᠨ᠂ ᠰᠤᠷᠤᠭᠴᠢᠳ ᠢ ᠡᠷᠳᠡᠬᠡᠨ ᠨᠡᠶᠢᠭᠡᠮ ᠤᠨ ᠤᠷᠴᠢᠨ ᠳᠤ ᠵᠤᠬᠢᠴᠠᠭᠤᠯᠬᠤ ᠬᠡᠷᠡᠭᠳᠠᠢ᠃ ᠰᠤᠷᠤᠭᠴᠢᠳ ᠢᠶᠠᠨ ᠲᠠᠶᠢᠴᠢᠯᠠᠨ ︽ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ︾᠂ ︽ᠪᠡᠶ᠎ᠡ ᠲᠠᠮᠢᠷ ᠤᠨ ᠬᠦᠳᠡᠯᠭᠡᠭᠡᠨ︾ ᠪᠠ ᠡᠯ᠎ᠡ ᠵᠦᠢᠯ ᠤᠨ ᠠᠯᠪᠠᠨ ᠵᠢᠷᠤᠮ ᠤᠨ ᠬᠦᠳᠡᠯᠮᠤᠷᠢ ᠵᠡᠷᠭᠡ ᠳᠤ ᠢᠳᠡᠪᠬᠢᠯᠡᠨ ᠤᠷᠤᠯᠴᠠᠬᠤ ᠬᠡᠷᠡᠭᠳᠠᠢ᠃ ᠰᠤᠷᠤᠭᠴᠢ ᠶᠢᠨ ᠪᠡᠶ᠎ᠡ ᠰᠡᠳᠭᠢᠯ ᠢ ᠡᠷᠡᠭᠦᠯ ᠢᠶᠠᠷ ᠬᠦᠭᠵᠢᠭᠦᠯᠬᠦ ᠶᠢᠨ ᠬᠠᠮᠳᠤ ᠡᠯ᠎ᠡ ᠲᠠᠯ᠎ᠠ ᠶᠢᠨ ᠬᠦᠭᠵᠢᠯᠳᠡ ᠶᠢ ᠴᠤ ᠬᠠᠮᠳᠤ ᠳᠤᠨᠢ ᠠᠬᠢᠭᠤᠯᠬᠤ ᠬᠡᠷᠡᠭᠳᠠᠢ᠃ ᠢᠩᠭᠢᠪᠡᠯ ᠰᠠᠶ᠋ᠢ ᠬᠡᠷᠡᠭᠴᠡᠭᠡ ᠪᠦᠬᠦᠢ ᠴᠢᠳᠠᠪᠤᠷᠢᠳᠠᠨ ᠢ ᠬᠦᠮᠦᠵᠢᠭᠦᠯᠦᠨ ᠭᠠᠷᠭᠠᠵᠤ᠂ ᠤᠯᠤᠰ ᠬᠦᠷᠦᠨ ᠤ ᠱᠠᠭᠠᠷᠳᠠᠯᠭ᠎ᠠ ᠳᠤ ᠨᠡᠶᠢᠴᠡᠵᠤ ᠴᠢᠳᠠᠬᠤ ᠶᠤᠮ᠃       ᠮᠢᠨᠦ ᠦᠵᠡᠬᠦ ᠪᠠᠷ ᠰᠢᠯᠢᠳᠡᠭ ᠰᠠᠶᠢᠨ ᠠᠩᠭᠢ ᠨᠢᠭᠡᠴᠢ ᠶᠢ ᠪᠦᠳᠦᠭᠡᠨ ᠪᠠᠶᠢᠭᠤᠯᠵᠤ᠂ ᠬᠢᠷᠢ ᠲᠡᠩᠴᠡᠭᠰᠡᠨ ᠴᠢᠳᠠᠪᠤᠷᠢᠳᠠᠨ ᠢ ᠬᠦᠮᠦᠵᠢᠭᠦᠯᠬᠦ ᠳᠤ ᠠᠩᠭᠢ ᠶᠢᠨ ᠡᠷᠬᠢᠯᠡᠭᠴᠢ ᠨᠢ ᠡᠷᠬᠡᠪᠰᠢ ᠲᠤᠰ ᠪᠡᠶ᠎ᠡ ᠶᠢᠨ ᠢᠶᠠᠨ ᠴᠢᠨᠠᠷ ᠴᠢᠨᠰᠠᠭ᠎ᠠ ᠪᠠ ᠬᠡᠪ ᠪᠤᠯᠪᠠᠰᠤᠷᠠᠯ ᠢᠶᠠᠨ ᠴᠢᠷᠮᠠᠶᠢᠨ ᠲᠡᠭᠡᠭᠰᠢᠯᠡᠭᠦᠯᠵᠤ᠂ ᠰᠡᠳᠭᠢᠴᠡ ᠪᠠᠨ ᠦᠷᠭᠡᠳᠭᠡᠨ᠂ ᠠᠷᠭ᠎ᠠ ᠪᠠᠷᠢᠯ ᠢᠶᠠᠨ ᠬᠠᠯᠠᠨ ᠰᠠᠶᠢᠵᠢᠷᠠᠭᠤᠯᠵᠤ᠂ ᠰᠢᠨ᠎ᠡ ᠤᠢᠢᠯᠠᠭᠠᠭᠳᠠᠬᠤᠨ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠬᠠᠮᠢᠶᠠᠷᠤᠯᠳᠠ ᠶᠢᠨ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠳᠠᠢ᠃ ᠢᠩᠭᠢᠪᠡᠯ ᠰᠠᠶ᠋ᠢ ᠰᠢᠨ᠎ᠡ ᠲᠠᠪᠰᠢᠯᠳᠠ ᠶᠢ ᠲᠠᠰᠤᠷᠠᠯᠳᠠ ᠦᠭᠡᠢ ᠤᠯᠵᠤ ᠴᠢᠳᠠᠬᠤ ᠶᠤᠮ᠃
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号