ᠵᠠᠯᠠᠶᠢᠨᠠᠭᠤᠷ ᠲᠣᠭᠤᠷᠢᠭ ᠤᠨ ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢᠶᠠᠨ ᠶᠢᠩ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠨ ᠬᠠᠤᠯᠢ ᠳᠦᠷᠢᠮ ᠤᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2020/8/27
    ᠥᠷᠭᠡᠨ ᠣᠯᠠᠨ ᠬᠡᠤᠬᠡᠳ ᠪᠠᠭᠠᠴᠤᠳ ᠢ ᠠᠮᠠᠷᠠᠯᠲᠠ ᠶᠢᠨ ᠬᠤᠭᠤᠴᠠᠭ᠎ᠠ ᠪᠠᠨ ᠠᠮᠤᠷ ᠲᠦᠪᠰᠢᠨ᠂  ᠪᠠᠶᠠᠷ ᠪᠠᠶᠠᠰᠬᠤᠯᠠᠩ ᠲᠠᠢ ᠦᠩᠭᠡᠷᠡᠭᠦᠯᠬᠦ ᠶᠢᠨ ᠲᠥᠯᠥᠭᠡ  ᠂ ᠵᠠᠯᠠᠶᠢᠨᠠᠭᠤᠷ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠪᠠᠭ᠎ᠠ ᠨᠠᠰᠤ ᠪᠠᠨ ᠰᠠᠬᠢᠨ ᠬᠠᠮᠠᠭᠠᠯᠠᠬᠤ · ᠭᠠᠷ ᠬᠤᠯᠪᠣᠨ ᠬᠠᠮᠲᠤ ᠪᠠᠷ ᠦᠰᠦᠨ ᠪᠤᠶᠢᠵᠢᠬᠤ︾ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠡᠤᠬᠡᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 20 ᠤ ᠡᠳᠦᠷ᠂ ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ︽ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠠᠷᠢᠯᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ︾ ᠪᠠᠷ ᠭᠤᠤᠯ ᠰᠡᠳᠦᠪ ᠪᠣᠯᠭᠠᠭᠰᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠨ ᠬᠠᠤᠯᠢ ᠳᠦᠷᠢᠮ ᠤᠨ ᠲᠠᠶᠢᠯᠤᠮᠵᠢ ᠶᠢ ᠥᠷᠨᠢᠭᠦᠯᠵᠡᠶ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠵᠠᠯᠠᠶᠢᠨᠠᠭᠤᠷ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠭᠦᠸᠧ ᠵᠧᠨ ᠢ ᠤᠷᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠣᠭᠤᠷᠢᠨ ᠳᠤ ᠰᠤᠷᠭᠠᠭᠤᠯᠢ ᠶᠢᠨ  ᠬᠦᠷᠢᠶᠡᠨ ᠤ ᠠᠮᠤᠷ ᠲᠦᠪᠰᠢᠨ ᠤ ᠨᠡᠶᠢᠲᠡᠯᠢᠭ ᠬᠡᠷᠡᠭ ᠤᠨ ᠵᠢᠱᠢᠶ᠎ᠡ᠂ ᠰᠤᠷᠭᠠᠭᠤᠯᠢ ᠶᠢᠨ ᠬᠦᠷᠢᠶᠡᠨ  ᠤ  ᠬᠦᠴᠦᠷᠬᠡᠭᠯᠡᠯ  ᠢ ᠠᠷᠭᠠᠴᠠᠬᠤ ᠵᠢᠴᠢ ᠰᠡᠷᠭᠡᠶᠢᠯᠡᠬᠦ ᠠᠷᠭ᠎ᠠ ᠪᠣᠳᠣᠯᠭ᠎ᠠ ᠶᠢᠨ ᠭᠤᠷᠪᠠᠨ ᠶᠡᠭᠡ ᠭᠤᠤᠯ ᠬᠡᠰᠡᠭ ᠢ ᠶᠠᠷᠢᠵᠠᠶ᠃ PPT ᠶᠢᠨ ᠲᠠᠶᠢᠯᠤᠮᠵᠢ᠂ ᠠᠰᠠᠭᠤᠯᠲᠠ ᠬᠠᠷᠢᠭᠤᠯᠲᠠ ᠶᠢᠨ  ᠦᠢᠯᠡᠳᠦᠯᠴᠡᠯ ᠵᠡᠷᠭᠡ ᠣᠯᠠᠨ  ᠵᠦᠢᠯ ᠤᠨ ᠬᠡᠯᠪᠡᠷᠢ ᠶᠢ ᠬᠡᠷᠡᠭᠯᠡᠵᠦ᠂ ᠨᠡᠶᠢᠭᠡᠮ ᠲᠣᠭᠤᠷᠢᠭ ᠤᠨ ᠪᠢᠴᠢᠬᠠᠨ ᠨᠠᠶᠢᠵᠠ ᠨᠠᠷ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠬᠠᠶ ᠬᠠᠤᠯᠢ ᠲᠦᠷᠢᠮ ᠤᠨ ᠲᠠᠶᠢᠯᠤᠮᠵᠢ ᠬᠢᠵᠦ ᠥᠭᠴᠡᠶ᠃      ᠡᠨᠡ ᠤᠳᠠᠭᠠᠨ ᠤ ᠠᠵᠢᠯᠯᠠᠭ᠎ᠠ ᠨᠢ ᠠᠮᠤᠷ ᠲᠦᠪᠰᠢᠨ ᠤ ᠦᠷ᠎ᠡ ᠶᠢ ᠪᠢᠴᠢᠬᠠᠨ ᠨᠠᠶᠢᠵᠠ ᠨᠠᠷ ᠤᠨ ᠰᠡᠳᠬᠢᠯ ᠳᠤ ᠰᠣᠶᠣᠭᠠᠯᠠᠭᠤᠯᠵᠠᠶ᠃ ᠨᠡᠶᠢᠭᠡᠮ ᠲᠣᠭᠤᠷᠢᠭ ᠤᠨ ᠬᠡᠤᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠶᠢ ᠰᠤᠷᠬᠤ ᠶᠢᠨ ᠬᠠᠮᠲᠤ ᠲᠣᠰ ᠪᠡᠶ᠎ᠡ ᠶᠢᠨ ᠠᠰᠢᠭ ᠲᠤᠰᠠ ᠨᠢ ᠬᠠᠯᠳᠠᠯᠭ᠎ᠠ ᠳᠤ ᠤᠴᠠᠷᠠᠭᠰᠠᠨ ᠦᠶ᠎ᠡ ᠳᠤ  ᠮᠠᠭᠤ ᠥᠳᠥᠭᠡᠯᠭᠡ ᠶᠢ ᠡᠷᠡᠰ ᠡᠰᠡᠷᠭᠦᠴᠡᠨ ᠬᠤᠷᠢᠭᠯᠠᠵᠤ᠂ ᠬᠠᠤᠯᠢ ᠶᠢ ᠮᠡᠳᠡᠵᠦ ᠬᠠᠤᠯᠢ ᠶᠢ ᠰᠠᠬᠢᠳᠠᠭ  ᠪᠢᠴᠢᠬᠠᠨ ᠠᠷᠠᠳ ᠢᠷᠭᠡᠨ ᠪᠣᠯᠵᠣ ᠴᠢᠳᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号