ᠵᠠᠯᠠᠶᠢᠨᠠᠭᠤᠷ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ︽ᠬᠤᠭᠤᠯᠠᠨ ᠰᠢᠷᠡᠭᠡᠨ ᠳᠡᠭᠡᠷ᠎ᠡ ᠪᠦᠷᠢᠯᠭᠡᠨ ᠰᠦᠢᠳᠭᠡᠬᠦ ᠶᠢ ᠲᠡᠪᠴᠢᠵᠦ᠂ ᠬᠤᠭᠤᠰᠣᠨ ᠲᠠᠪᠠᠭ ᠤᠨ ᠠᠵᠢᠯᠯᠠᠭ᠎ᠠ ᠶᠢ ᠦᠢᠯᠡᠳᠦᠯᠭᠡᠵᠢᠭᠦᠯᠬᠦ︾ ᠬᠥᠳᠡᠯᠭᠡᠭᠡᠨ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020/8/27
     ᠤᠶᠢᠷ᠎ᠠ  ᠳᠤ᠂ ᠶᠡᠷᠦᠩᠬᠡᠶ ᠱᠦᠵᠢ ᠰᠢ ᠶᠢᠨ ᠫᠢᠩ᠄ ᠢᠳᠡᠭᠡᠨ ᠤᠮᠳᠠᠭᠠᠨ ᠢ ᠪᠦᠷᠢᠯᠭᠡᠵᠦ ᠪᠠᠶᠢᠭ᠎ᠠ ᠦᠵᠡᠭᠳᠡᠯ  ᠨᠢ ᠬᠦᠮᠦᠰ ᠢ ᠰᠤᠴᠢᠭᠠᠨ  ᠵᠢᠷᠦᠬᠡ  ᠶᠢ ᠰᠢᠮᠰᠢᠷᠡᠭᠦᠯᠦᠨ᠎ᠡ᠃ ︽ᠲᠠᠪᠠᠭ ᠤᠨ ᠳᠣᠲᠣᠷᠠᠬᠢ ᠬᠤᠭᠤᠯᠠ ᠶᠢ ᠬᠡᠨ ᠮᠡᠳᠡᠨ᠋ᠨᠮ᠂ ᠮᠥᠬᠦᠯᠢᠭ ᠠᠮᠤ ᠪᠦᠷᠢ ᠶᠠᠳᠠᠷᠠᠯ ᠵᠦᠳᠡᠷᠡᠯ ᠪᠢᠯᠬᠠᠮ᠎ᠠ᠃︾ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ ᠴᠤ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠢᠮᠠᠭᠲᠠ ᠠᠶᠤᠯ ᠲᠦᠭᠰᠢᠭᠦᠷᠢ ᠶᠢᠨ ᠤᠬᠠᠮᠰᠠᠷ ᠲᠠᠢ ᠪᠠᠶᠢᠬᠤ  ᠬᠡᠷᠩᠲᠠᠢ  ᠂ ᠡᠨᠡ ᠵᠢᠯ ᠤᠨ ᠪᠥᠬᠦ  ᠪᠦᠮᠪᠦᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠴᠠᠷᠠᠭᠤᠯᠤᠭᠰᠠᠨ ᠨᠥᠯᠥᠭᠡ ᠨᠢ ᠨᠠᠩ ᠴᠤ ᠪᠢᠳᠡᠨ ᠳᠤ ᠰᠡᠷᠡᠮᠵᠢ ᠶᠢᠨ ᠳᠣᠬᠢᠶ᠎ᠠ ᠦᠭᠭᠦᠭᠰᠡᠨ  ᠪᠠᠶᠢᠨ᠎ᠡ
      ᠵᠠᠯᠠᠶᠢᠨᠠᠭᠤᠷ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠨᠠᠮ ᠵᠠᠰᠠᠭ ᠤᠨ ᠪᠠᠶᠢᠭᠤᠯᠤᠯᠭ᠎ᠠ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠬᠦ   ᠶᠢ ᠡᠰᠡᠷᠭᠦᠴᠡᠬᠦ ᠳᠦᠷᠢᠮ︾ ᠵᠡᠷᠭᠡ ᠬᠠᠤᠯᠢ ᠲᠣᠭᠲᠠᠭᠠᠯ  ᠢ ᠬᠢᠨᠠᠮᠠᠭᠠᠶ ᠨᠠᠢᠳᠠᠪᠤᠷᠢᠵᠢᠭᠤᠯᠬᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠦᠷᠨᠢᠭᠦᠯᠵᠦ  ᠂ ᠠᠮᠤ ᠪᠤᠳᠠᠭ᠎ᠠ ᠠᠷᠪᠢᠯᠠᠬᠤ ᠦᠵᠡᠯᠲᠡ ᠶᠢ ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠬᠤᠭᠤᠯᠠ ᠬᠢᠵᠦ  ᠵᠠᠭᠤᠰᠢ ᠲᠣᠬᠢᠷᠠᠭᠤᠯᠬᠤ ᠵᠢᠴᠢ ᠬᠤᠭᠤᠯᠠ ᠢᠳᠡᠬᠦ ᠵᠡᠷᠭᠡ ᠲᠠᠯ᠎ᠠ ᠳᠤ ᠲᠤᠭᠤᠰᠢᠯᠠᠭᠤᠯᠵᠠᠢ᠃ ᠠᠮᠤ  ᠪᠤᠳᠠᠭ᠎ᠠ ᠶᠢ ᠪᠦᠷᠢᠯᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠷᠬᠡ ᠲᠤᠰᠢᠶᠠᠯᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠪᠦᠬᠦ ᠣᠷᠣᠨ ᠤ ᠡᠯ᠎ᠡ  ᠨᠢᠭᠡᠴᠢ ᠶᠢ ᠳᠠᠶᠢᠴᠢᠯᠠᠨ ᠶᠡᠷᠦᠩᠬᠡᠶ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠬᠤ ᠶᠢ ᠢᠳᠡᠪᠬᠢᠲᠡᠶ ᠤᠷᠢᠶᠠᠯᠠᠵᠤ᠂ ᠡᠯ᠎ᠡ ᠨᠢᠭᠡᠴᠢ ᠶᠢᠨ ᠡᠯᠧᠺᠲᠷᠣᠨ ᠳᠡᠯᠭᠡᠴᠡ ᠳᠤ ᠠᠮᠤ ᠪᠤᠳᠠᠭ᠎ᠠ ᠶᠢ ᠠᠷᠪᠢᠯᠠᠨ ᠭᠠᠮᠨᠠᠬᠤ ᠤᠯᠤᠰ ᠤᠨ ᠤᠬᠠᠭᠤᠯᠭ᠎ᠠ ᠶᠢᠨ ᠹᠢᠯᠢᠮ ᠢ ᠡᠷᠭᠢᠯᠳᠦᠭᠦᠯᠦᠨ ᠨᠡᠪᠲᠡᠷᠡᠭᠦᠯᠵᠡᠶ᠃ ᠪᠠᠶᠢᠭᠤᠯᠭ᠎ᠠ ᠶᠢᠨ ᠬᠤᠭᠤᠯᠠᠨ ᠭᠡᠷ ᠤᠨ ᠢᠯᠡ ᠭᠠᠵᠠᠷ ᠲᠤ ᠠᠮᠤ ᠪᠤᠳᠠᠭ᠎ᠠ ᠠᠷᠪᠢᠯᠠᠬᠤ᠂ ᠪᠣᠯᠪᠠᠰᠤᠨ ᠢᠶᠠᠷ ᠬᠤᠭᠤᠯᠠ ᠢᠳᠡᠬᠦ ᠤᠬᠠᠭᠤᠯᠭ᠎ᠠ ᠶᠢᠨ ᠵᠢᠷᠤᠭ ᠨᠠᠭᠠᠵᠤ᠂ ᠪᠦᠬᠦ ᠺᠠᠳ᠋ᠷ ᠠᠵᠢᠯᠲᠠᠨ ᠢ ᠬᠤᠭᠤᠯᠠᠨ ᠭᠡᠷ ᠲᠤ ᠬᠤᠭᠤᠯᠠᠯᠠᠬᠤ ᠣᠶᠢᠶ᠎ᠠ ᠳᠤ᠂ ᠬᠡᠷᠡᠭᠴᠡᠭᠡᠨ ᠨᠠ ᠬᠢᠷᠢ ᠪᠠᠷ ᠬᠤᠭᠤᠯᠠ ᠠᠪᠬᠤ ᠵᠠᠷᠴᠢᠮ ᠢ ᠪᠠᠷᠢᠮᠲᠠᠯᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠵᠣᠭᠰᠤᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠭᠤᠰᠣᠨ ᠲᠠᠪᠠᠭ ᠤᠨ ᠠᠵᠢᠯᠯᠠᠭ᠎ᠠ︾ ᠶᠢ ᠦᠢᠯᠡᠳᠦᠯᠭᠡᠵᠢᠭᠦᠯᠦᠨ᠎ᠡ᠃
     ᠨᠢᠭᠡ ᠴᠠᠭ ᠤᠨ ᠰᠢᠩᠭᠡᠨ ᠪᠤᠳᠠᠭ᠎ᠠ᠂ ᠬᠢᠯᠪᠠᠷ ᠪᠤᠰᠤ ᠪᠠᠷ ᠢᠷᠡᠭᠰᠡᠨ ᠶᠤᠮ᠃ ᠪᠠᠶᠢᠭᠤᠯᠭ᠎ᠠ ᠶᠢᠨ ᠺᠠᠳ᠋ᠷ ᠠᠵᠢᠯᠳᠠᠨ᠂ ᠠᠵᠢᠯᠴᠢᠨ ᠪᠠᠶᠢᠭᠤᠯᠭ᠎ᠠ ᠨᠢᠭᠡᠴᠢ ᠶᠢᠨ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠢ ᠪᠦᠳᠦᠭᠡᠨ ᠪᠠᠶᠢᠭᠤᠯᠬᠤ ᠳᠤᠮᠳᠠ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠶᠢᠨ ᠴᠢᠬᠤᠯᠠ ᠴᠢᠨᠠᠷ ᠢ ᠨᠡᠩ ᠭᠦᠢᠴᠡᠳ ᠲᠠᠨᠢᠵᠤ᠂ ᠨᠡᠶᠢᠭᠡᠮ ᠳᠡᠭᠡᠷ᠎ᠡ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠣᠭᠠᠬᠤ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠬᠡᠷᠡᠭᠲᠡᠶ᠃ ᠠᠮᠤ ᠪᠤᠳᠠᠭ᠎ᠠ ᠶᠢ ᠠᠷᠪᠢᠯᠠᠬᠤ᠂ ᠢᠳᠡᠭᠡᠨ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠶᠢ ᠴᠢᠩᠭᠠᠳᠬᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号