7 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠮᠠᠨᠵᠤᠤᠷ | ᠬᠤᠲᠠ᠂ ᠵᠠᠯᠠᠶᠢᠨᠠᠭᠤᠷ ᠲᠣᠭᠤᠷᠢᠭ ᠲᠤ ᠭᠦᠨᠵᠡᠭᠡᠶᠢᠷᠡᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠭᠤᠮᠲᠠ ᠶᠢᠨ ᠨᠡᠭᠡᠭᠡᠯᠲᠡ ᠵᠡᠷᠭᠡ ᠭᠤᠤᠯᠳᠠᠯᠭ᠎ᠠ ᠲᠠᠢ ᠠᠵᠢᠯ ᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠬᠥᠯᠥᠨ ᠨᠠᠭᠤᠷ ᠤᠨ ᠰᠠᠪᠠ ᠭᠠᠵᠠᠷ ᠤᠨ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠤᠨ ᠰᠡᠷᠭᠦᠯᠲᠡ ᠵᠢᠴᠢ | ᠤᠰᠤᠨ ᠤ ᠠᠮᠢ ᠠᠬᠤᠢ ᠶᠢᠨ ᠵᠠᠰᠠᠯᠲᠠ ᠶᠢᠨ ᠲᠥᠪ᠂ ᠢᠦᠢ ᠯᠢ ᠰᠢᠨ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ᠂ ᠬᠦᠯᠡᠮᠵᠢ ᠵᠡᠷᠭᠡ ᠭᠠᠵᠠᠷ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ ᠵᠢᠴᠢ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠲᠤᠬᠠᠢ ᠶᠢᠨ | ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ | ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ | ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠢᠮᠠᠭᠲᠠ ᠳᠡᠭᠡᠳᠦ ᠬᠡᠮᠵᠢᠶᠡᠨ ᠤ | ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ | ᠬᠡᠳᠦ ᠶᠢ ᠪᠣᠳᠣᠯᠬᠢᠯᠠᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ᠃ ᠰᠢᠨᠵᠢᠯᠡᠬᠦ ᠤᠬᠠᠭᠠᠨ ᠤ | ᠰᠤᠳᠤᠯᠭᠠᠨ ᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ | ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ | ᠲᠥᠬᠦᠭᠡᠷᠦᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠵᠡᠶ᠃ ᠠᠯᠢᠪᠠ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ | ᠥᠨᠳᠥᠷ ᠪᠠᠷᠢᠮᠵᠢᠶ᠎ᠠ᠂ ᠣᠳᠣᠬᠢᠴᠢᠯᠠᠭᠰᠠᠨ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠪᠤᠶᠢᠵᠢᠭᠤᠯᠬᠤ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠳᠤ ᠨᠠᠩ ᠶᠡᠭᠡ ᠦᠶ᠋ᠯᠡᠳᠦᠯ ᠦᠵᠡᠭᠦᠯᠦᠨ᠎ᠡ᠃ | ᠮᠠᠨᠵᠤᠤᠷ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠶᠤᠨᠲᠤ ᠠᠵᠤ ᠦᠢᠯᠡᠰ ᠤᠨ | ᠬᠦᠷᠢᠶᠡᠯᠡᠩ ᠲᠤᠭᠤᠷᠢᠭ ᠲᠤ᠂ ᠢᠦᠢ ᠯᠢ ᠰᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠤᠨ | ᠬᠠᠷᠢᠭᠤ ᠮᠡᠳᠡᠭᠦᠯᠦᠯᠲᠡ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯ ᠥᠷᠨᠢᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ | ᠵᠥᠪᠰᠢᠶᠡᠷᠡᠭᠳᠡᠭᠰᠡᠨ ᠨᠢ ᠮᠠᠨᠵᠤᠤᠷ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠰᠡᠳᠦᠪ ᠢᠶᠠᠨ ᠡᠪᠳᠡᠵᠦ ᠬᠥᠭᠵᠢᠬᠦ ᠴᠢᠬᠤᠯᠠ ᠶᠡᠭᠡ ᠠᠵᠠ ᠲᠣᠬᠢᠶᠠᠯ ᠪᠣᠯᠤᠨ᠎ᠠ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠬᠡᠷᠡᠭᠲᠡᠶ᠃ ᠣᠷᠣᠨ ᠪᠦᠰᠡ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠪᠦᠬᠦᠯᠢ | ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠢᠯ ᠢ | ᠰᠠᠶᠢᠲᠤᠷ ᠬᠢᠵᠦ᠂ ᠬᠠᠮᠢᠶ᠎ᠠ ᠪᠦᠬᠦᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠲᠦᠷᠭᠡᠨ ᠠᠬᠢᠭᠤᠯᠵᠤ᠂ | ᠪᠣᠭᠤᠮᠲᠠ ᠶᠢᠨ ᠠᠵᠤ ᠠᠬᠤᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠹᠠᠨ ᠳ᠋ᠠ ᠣᠯᠠᠨ ᠤᠯᠤᠰ ᠠᠴᠠ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠦᠢᠲᠡᠨ ᠬᠡᠯᠬᠢᠶᠡᠲᠦ ᠬᠥᠮᠥᠷᠭᠡ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠢᠦᠶ ᠯᠢ ᠰᠢᠨ | ᠱᠠᠭᠠᠷᠳᠠᠯᠭ᠎ᠠ ᠳᠠᠭᠠᠨ ᠬᠠᠮᠢᠶ᠎ᠠ ᠪᠦᠬᠦᠢ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠯᠢ ᠳᠤ | ᠣᠷᠣᠬᠤ ᠮᠢᠬᠠᠨ ᠤ ᠲᠥᠷᠥᠯ ᠤᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠭᠠᠵᠠᠷ ᠢ ᠭᠤᠶᠤᠴᠢᠯᠠᠨ | ᠪᠠᠶᠢᠭᠤᠯᠬᠤ ᠵᠢᠴᠢ ᠣᠲᠣ ᠶᠢᠨ ᠪᠠᠶᠢᠭ᠎ᠠ ᠪᠡᠯᠡᠳᠬᠡᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ | ᠠᠮᠤᠷ ᠲᠦᠪᠰᠢᠨ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠨ᠎ᠠ᠃ | ᠪᠣᠭᠤᠮᠲᠠ ᠶᠢᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠭ᠊ ᠭᠦᠢᠴᠡᠳ ᠪᠠᠳᠠᠷᠠᠭᠤᠯᠵᠤ᠂ ᠬᠡᠯᠬᠢᠶ᠎ᠡ ᠪᠠᠨ ᠬᠦᠴᠦᠯᠡᠨ | ᠤᠷᠲᠤᠳᠬᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ | ᠬᠠᠮᠵᠢᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠮᠢᠬᠠᠨ ᠤ ᠡᠬᠢ ᠪᠠᠶᠠᠯᠢᠭ ᠢ | ᠰᠠᠭᠤᠷᠢᠰᠢᠭᠤᠯᠤᠨ ᠡᠳ᠋ᠰᠢᠭᠦᠯᠬᠦ ᠠᠵᠤ ᠦᠶ᠋ᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠡᠢ ᠃ ᠨᠡᠪᠲᠡᠷᠡᠯ | ᠵᠠᠮ ᠤᠨ ᠠᠵᠤ ᠠᠬᠤᠢ ᠶᠢᠨ ᠰᠠᠭᠤᠷᠢᠰᠢᠬᠤ ᠠᠵᠤ ᠠᠬᠤᠢ ᠲᠡᠰᠢ ᠬᠤᠪᠢᠷᠠᠬᠤ ᠳᠤ ᠬᠦᠴᠦ ᠨᠡᠮᠡᠷᠢᠯᠡᠪᠡ᠃ | ᠥᠪᠥᠷ ᠮᠣᠩᠭᠤᠯ ᠤᠨ ᠢ ᠲᠠᠢ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ | ᠦᠶ᠋ᠯᠡᠳᠪᠦᠷᠢᠯᠡᠯ ᠤᠨ ᠲᠠᠰᠤᠭ ᠵᠢᠴᠢ ᠲᠣᠰᠣ ᠰᠠᠪᠠᠯᠠᠬᠤ ᠦᠶ᠋ᠯᠡᠳᠪᠦᠷᠢᠯᠡᠯ ᠤᠨ ᠱᠤᠭᠤᠮ ᠠᠴᠠ ᠦᠶ᠋ᠯᠡᠳᠪᠦᠷᠢᠯᠡᠵᠦ | ᠡᠳ᠋ᠰᠢᠭᠦᠯᠦᠭᠰᠡᠨ ᠬᠡᠮᠵᠢᠶ᠎ᠡ ᠪᠣᠯᠤᠨ ᠪᠣᠷᠣᠯᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠢᠦᠶ ᠯᠢ ᠰᠢᠨ | ᠱᠠᠭᠠᠷᠳᠠᠭᠰᠠᠨ ᠨᠢ᠂ ᠠᠵᠤ ᠦᠶ᠋ᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠶ᠋ᠯᠡᠰ ᠤᠨ ᠳᠡᠰ ᠢ | ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠬᠠᠷᠢᠯᠴᠠᠨ ᠠᠷᠠᠯᠵᠢᠶᠠᠯᠠᠬᠤ +︾ | ᠲᠥᠷᠥ ᠶᠢᠨ ᠪᠣᠳᠣᠯᠭ᠎ᠠ ᠶᠢ ᠢᠳᠡᠪᠬᠢᠲᠡᠢ ᠣᠯᠵᠤ᠂ ᠠᠵᠤ ᠠᠬᠤᠶᠢᠯᠠᠯ ᠤᠨ ᠦᠶ᠋ᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ | ᠮᠠᠨᠵᠤᠤᠷ ᠬᠤᠲᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠪᠠᠷ᠎ᠠ ᠪᠣᠯᠪᠠ᠃ | |