ᠶᠧᠦ  ᠸᠠ ᠸᠠ  ᠬᠡᠤᠬᠡᠳ ᠤᠨ ᠴᠡᠴᠡᠷᠯᠢᠭ ᠤᠨ ︽ᠤᠰᠤᠨ ᠳᠤ ᠵᠢᠪᠬᠦ ᠶᠢ ᠰᠡᠷᠭᠡᠶᠢᠯᠡᠬᠦ︾ ᠭᠤᠤᠯ ᠰᠡᠳᠦᠪᠲᠦ ᠬᠥᠮᠦᠵᠢᠯ ᠤᠨ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠤᠷᠠᠯ
ᠨᠡᠶᠢᠲᠡᠯᠡᠭᠰᠡᠨ ᠴᠠᠭ᠄
2020/8/5
    ᠬᠡᠤᠬᠡᠳ ᠤᠨ ᠴᠡᠴᠡᠷᠯᠢᠭ ᠤᠨ  ︽ᠤᠰᠤᠨ ᠳᠤ ᠵᠢᠪᠬᠦ ᠶᠢ ᠰᠡᠷᠭᠡᠶᠢᠯᠡᠬᠦ︾ ᠠᠮᠤᠷ ᠲᠦᠪᠰᠢᠨ ᠤ ᠬᠥᠮᠦᠵᠢᠯ ᠤᠨ ᠰᠢᠷᠢᠰ ᠠᠵᠢᠯᠯᠠᠭ᠎ᠠ ᠶᠢᠨ ᠠᠭᠤᠯᠭ᠎ᠠ ᠶᠢ ᠦᠨᠳᠦᠰᠦᠯᠡᠨ᠂ 7 ᠰᠠᠷ᠎ᠠ ᠶᠢᠨ 30 ᠤ ᠡᠳᠦᠷ ᠵᠠᠯᠠᠶᠢᠨᠠᠭᠤᠷ ᠶᠧᠦ  ᠸᠠ ᠸᠠ ᠬᠡᠤᠬᠡᠳ ᠤᠨ ᠴᠡᠴᠡᠷᠯᠢᠭ ︽ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ᠂ ᠤᠰᠤᠨ ᠳᠤ ᠵᠢᠪᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ︾ ᠭᠡᠵᠦ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠤᠷᠠᠯ ᠬᠢᠪᠡ᠃  
        ᠡᠯ᠎ᠡ ᠠᠩᠭᠢ ᠨᠢ ᠠᠵᠤ ᠠᠬᠤᠶᠢᠯᠠᠯ ᠤᠨ ᠪᠢᠴᠢᠯ ᠵᠠᠬᠢᠳᠠᠯ  ᠤᠨ ᠱᠤᠭᠤᠮ ᠳᠡᠭᠡᠷᠡᠬᠢ ᠪᠣᠯᠪᠠᠰᠤᠷᠠᠯ ᠤᠨ ᠬᠡᠯᠪᠡᠷᠢ ᠪᠠᠷ᠂ ᠭᠡᠷ ᠤᠨ ᠠᠬᠠᠮᠠᠳ ᠲᠠᠢ ᠨᠢᠭᠤᠷᠳᠠᠨ ︽ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ︾ ᠬᠢᠬᠦ ᠤᠬᠠᠭᠤᠯᠭ᠎ᠠ ᠬᠥᠮᠦᠵᠢᠯ ᠬᠢᠵᠦ᠂ ᠭᠡᠷ ᠤᠨ ᠠᠬᠠᠮᠠᠳ ᠲᠤ ᠰᠡᠷᠡᠮᠵᠢ ᠶᠢᠨ ᠲᠤᠬᠢᠶ᠎ᠠ ᠥᠭᠪᠡ᠃ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠤᠷᠠᠯ ᠳᠡᠭᠡᠷ᠎ᠡ᠂ ᠪᠠᠭᠰᠢ ᠭᠡᠷᠡᠯ ᠵᠢᠷᠤᠭ᠂ ᠸᠢᠳᠢᠣ᠋᠂ ᠦᠨᠡᠨ ᠪᠣᠳᠠᠲᠤ ᠬᠡᠷᠡᠭ ᠤᠨ ᠵᠢᠱᠢᠶ᠎ᠡ ᠵᠡᠷᠭᠡ ᠶᠢ ᠭᠡᠷ ᠤᠨ ᠠᠬᠠᠮᠠᠳ ᠲᠤ ᠬᠤᠪᠢᠶᠠᠨ ᠡᠳ᠋ᠯᠡᠵᠦ᠂ ᠤᠰᠤᠨ ᠳᠤ ᠵᠢᠪᠦᠭᠰᠡᠨ ᠡ᠊ᠨᠳᠡᠯ ᠤᠨ ᠪᠠᠶᠢᠨ ᠳᠠᠬᠢᠨ ᠡᠭᠦᠰᠬᠦ ᠬᠤᠣᠷ ᠬᠥᠨᠥᠭᠡᠯ ᠪᠠ ᠤᠰᠤᠨ ᠳᠤ ᠵᠢᠪᠦᠬᠦ ᠶᠢ ᠰᠡᠷᠭᠡᠶᠢᠯᠡᠬᠦ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠭᠤᠣᠯᠳᠠᠯᠭ᠎ᠠ ᠲᠠᠢ ᠴᠢᠬᠤᠯᠠᠴᠢᠯᠠᠪᠠ︔ ᠵᠠᠯᠭᠠᠭᠠᠳ ᠭᠡᠷ ᠤᠨ ᠠᠬᠠᠮᠠᠳ ᠲᠠᠭᠠᠨ ᠬᠡᠦᠬᠡᠳ ᠤᠨ ᠴᠡᠴᠡᠷᠯᠢᠭ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠦᠨᠳᠦᠳᠬᠡᠨ ᠦᠵᠡᠬᠦ ᠪᠠ ᠠᠪᠤᠭᠰᠠᠨ ᠪᠦᠲᠦᠮᠵᠢᠲᠡᠢ ᠠᠷᠭ᠎ᠠ ᠬᠡᠮᠵᠢᠶ᠎ᠡ ᠶᠢ ᠲᠠᠨᠢᠯᠴᠠᠭᠤᠯᠵᠠᠢ︔ ᠭᠡᠷ ᠤᠨ ᠠᠬᠠᠮᠠᠳ ᠪᠣᠯᠤᠭᠰᠠᠨ ᠤ ᠬᠤᠪᠢ ᠳᠤ᠂ ᠦᠷ᠎ᠡ ᠬᠡᠦᠬᠡᠳ  ᠢᠶᠠᠨ ᠬᠡᠷᠬᠢᠨ ᠰᠤᠷᠭᠠᠨ ᠬᠥᠮᠦᠵᠢᠭᠦᠯᠬᠦ ᠪᠠ ᠬᠢᠨᠠᠨ ᠬᠠᠮᠢᠶᠠᠷᠴᠤ ᠤᠰᠤᠨ ᠳᠤ ᠵᠢᠪᠪᠦᠭᠰᠡᠨ ᠭᠡᠨᠡᠳᠡᠯ ᠢ ᠪᠦᠲᠦᠮᠵᠢᠲᠡᠢ ᠰᠡᠷᠭᠡᠶᠢᠯᠡᠬᠦ ᠵᠡᠷᠭᠡ ᠭᠤᠷᠪᠠᠨ ᠲᠠᠯ᠎ᠠ ᠶᠢᠨ ᠠᠭᠤᠯᠭ᠎ᠠ   ᠲᠠᠢ᠃ ᠭᠡᠷ ᠤᠨ ᠠᠬᠠᠮᠠᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠪᠦᠬᠦ ᠲᠠᠯ᠎ᠠ ᠶᠢᠨ ᠬᠥᠮᠦᠵᠢᠯ ᠬᠢᠵᠦ᠂ ᠭᠡᠷ ᠤᠨ ᠠᠬᠠᠮᠠᠳ ᠤᠨ ᠠᠮᠤᠷ ᠲᠦᠪᠰᠢᠨ ᠢ ᠳᠡᠭᠡᠭᠰᠢᠯᠡᠭᠦᠯᠵᠦ᠂ ᠭᠡᠷ ᠤᠨ ᠠᠬᠠᠮᠠᠳ ᠬᠡᠤᠬᠡᠳ ᠤᠨ ᠴᠡᠴᠡᠷᠯᠢᠭ ᠤᠨ ᠤᠰᠤᠨ ᠳᠤ ᠵᠢᠪᠬᠦ ᠶᠢ ᠰᠡᠷᠭᠡᠶᠢᠯᠡᠬᠦ ᠬᠥᠮᠦᠵᠢᠯ ᠲᠠᠢ ᠨᠢᠭᠲᠠ ᠬᠠᠮᠵᠢᠯᠴᠠᠨ᠂ ᠬᠡᠤᠬᠡᠳ ᠤᠨ ᠠᠮᠤᠷ ᠲᠦᠪᠰᠢᠨ ᠤ ᠬᠥᠮᠦᠵᠢᠯ ᠢ  ᠴᠢᠩᠭᠠᠳᠬᠠᠨ᠎ᠠ  ᠃ ᠭᠡᠷ ᠣᠷᠣᠨ ᠢᠶᠠᠨ ᠬᠠᠮᠲᠤᠪᠠᠷ ᠪᠤᠶᠢᠵᠢᠭᠤᠯᠬᠤ ᠬᠤᠶᠠᠷ ᠲᠠᠯ᠎ᠠ ᠪᠠᠷ ᠬᠡᠤᠬᠡᠳ ᠤᠨ ᠤᠰᠤ ᠴᠠᠴᠠᠬᠤ ᠠᠳᠡᠯ ᠭᠠᠷᠬᠤ ᠶᠢ ᠦᠨᠡᠨᠬᠦ ᠰᠡᠷᠭᠡᠶᠢᠯᠡᠬᠦ ᠬᠡᠷᠡᠭᠲᠡᠶ᠃
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号