2020 ᠣᠨ ᠤ 7 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠵᠠᠯᠠᠶᠢᠨᠠᠭᠤᠷ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢ ᠹᠦ᠋ ᠵᠢᠶᠠ᠂ ᠳᠡᠳ᠋ ᠳᠠᠷᠤᠭ᠎ᠠ ᠳ᠋ᠦᠩ ᠪᠦᠦ ᠭᠠᠩ ᠤᠷᠢᠳ | ᠬᠤᠵᠢᠳ ᠰᠢ ᠲᠢᠶᠧ ᠪᠠᠭ᠎ᠠ ᠰᠤᠷᠭᠠᠭᠤᠯᠢ᠂ ᠷᠦᠩ ᠰᠢᠨ ᠪᠠᠭ᠎ᠠ ᠰᠤᠷᠭᠠᠭᠤᠯᠢ᠂ ᠸᠠᠩ ᠴᠢᠤᠸᠠᠨ ᠪᠠᠭ᠎ᠠ | ᠰᠤᠷᠭᠠᠭᠤᠯᠢ᠂ ᠶᠧᠦ ᠸᠠ ᠸᠠ ᠬᠡᠤᠬᠡᠳ ᠤᠨ ᠴᠡᠴᠡᠷᠯᠢᠭ ᠲᠤ ᠬᠦᠷᠴᠦ᠂ ᠰᠤᠷᠭᠠᠭᠤᠯᠢ ᠶᠢᠨ ᠪᠠᠶᠢᠷᠢ ᠶᠢ ᠰᠡᠯᠪᠢᠨ | ᠵᠠᠰᠠᠵᠤ ᠥᠭᠡᠷᠡᠴᠢᠯᠡᠬᠦ᠂ ᠡᠬᠢ ᠪᠠᠶᠠᠯᠢᠭ ᠤᠨ ᠬᠢᠴᠢᠶᠡᠯ ᠤᠨ ᠭᠡᠷ ᠤᠨ ᠪᠦᠲᠦᠭᠡᠨ ᠪᠠᠶᠢᠭᠤᠯᠤᠯᠲᠠ᠂ ᠮᠡᠳᠡᠭᠡ | ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ | ᠯᠢ ᠹᠦ᠋ ᠵᠢᠶᠠ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠢ ᠳᠤ ᠪᠠᠷᠢᠯᠭ᠎ᠠ ᠶᠢᠨ ᠶᠠᠰᠤ ᠴᠢᠨᠠᠷ ᠶᠢᠨ | ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠤᠨ | ᠪᠠᠷᠢᠯᠭ᠎ᠠ ᠪᠠᠷᠢᠬᠤ ᠨᠢᠭᠡᠴᠡ ᠶᠢᠨ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ | ᠤᠢᠯᠭᠠᠵᠠᠢ᠃ | | | | | | ᠯᠢ ᠹᠦ᠋ ᠵᠢᠶᠠ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠄ ᠨᠢᠭᠡ ᠳᠤ᠂ ᠰᠤᠷᠤᠭᠴᠢᠳ ᠤᠨ | ᠴᠢᠯᠥᠭᠡ ᠲᠠᠯᠪᠢᠬᠤ ᠴᠠᠭ ᠢ ᠠᠰᠢᠭᠯᠠᠵᠤ᠂ ᠰᠤᠷᠭᠠᠭᠤᠯᠢ ᠶᠢᠨ ᠬᠦᠷᠢᠶᠡᠨ ᠤ ᠲᠥᠬᠦᠭᠡᠷᠦᠮᠵᠢ ᠶᠢ ᠪᠦᠲᠦᠭᠡᠨ | ᠪᠠᠶᠢᠭᠤᠯᠬᠤ᠂ ᠰᠡᠯᠪᠢᠨ ᠵᠠᠰᠠᠬᠤ ᠪᠠ ᠥᠭᠡᠷᠡᠴᠢᠯᠡᠨ ᠪᠠᠶᠢᠭᠤᠯᠬᠤ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠵᠤ | ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠳᠠᠭᠤᠰᠬᠠᠬᠤ᠂ | ᠲᠥᠬᠦᠭᠡᠷᠦᠮᠵᠢ ᠶᠢ ᠰᠠᠶᠢᠨ ᠠᠵᠢᠯᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠤᠶᠠᠷ ᠲᠤ᠂ ᠰᠤᠷᠤᠭᠴᠢᠳ ᠤᠨ | ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠢ ᠵᠠᠪᠠᠯ ᠴᠢᠬᠤᠯᠠᠴᠢᠯᠠᠬᠤ ᠬᠡᠷᠡᠭᠲᠡᠶ᠂ | ᠢᠯᠠᠩᠭᠤᠶ᠎ᠠ ᠤᠰᠤᠨ ᠳᠤ ᠵᠢᠪᠦᠬᠦ ᠶᠢ ᠰᠡᠷᠭᠡᠶᠢᠯᠡᠬᠦ ᠬᠥᠮᠦᠵᠢᠯ ᠨᠢ ᠠᠮᠤᠷ ᠲᠦᠪᠰᠢᠨ ᠤ ᠣᠶᠢᠯᠠᠭᠠᠭᠳᠠᠬᠤᠨ ᠢ ᠪᠠᠭᠰᠢ᠂ | ᠰᠤᠷᠤᠭᠴᠢ ᠪᠣᠯᠤᠨ ᠭᠡᠷ ᠤᠨ ᠠᠬᠠᠮᠠᠳ ᠨᠢᠭᠡᠪᠦᠷᠢ ᠳᠤ ᠲᠤᠭᠤᠰᠢᠯᠠᠭᠤᠯᠵᠠᠶ᠂ ᠪᠢᠴᠢᠯ ᠵᠠᠬᠢᠳᠠᠯ ᠶᠢᠨ ᠪᠦᠯᠦᠭ᠂ | ᠸᠢᠴᠠᠲ ᠢᠶᠠᠷ ᠳᠠᠮᠵᠢᠭᠤᠯᠤᠨ ᠠᠮᠤᠷ ᠲᠦᠪᠰᠢᠨ ᠤ ᠮᠡᠳᠡᠯᠭᠡ ᠶᠢ ᠰᠠᠶᠢᠲᠤᠷ ᠤᠬᠠᠭᠤᠯᠵᠤ᠂ ᠲᠠᠷᠢᠬᠢᠨ ᠳᠠᠭᠠᠨ ᠭᠦᠨ | ᠬᠠᠳᠠᠩᠰᠢᠭᠤᠯᠵᠤ᠂ ᠰᠤᠷᠤᠭᠴᠢᠳ ᠤᠨ ᠠᠮᠤᠷ ᠲᠦᠪᠰᠢᠨ᠂ ᠡᠷᠡᠭᠦᠯ ᠮᠡᠨᠳᠦ᠂ ᠤᠳᠬ᠎ᠠ ᠠᠭᠤᠯᠭ ᠠ ᠲᠠᠢ ᠵᠣᠨ ᠤ | ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠭᠤᠷᠪᠠ ᠳᠤ᠂ | ᠰᠤᠷᠭᠠᠭᠤᠯᠢ ᠶᠢᠨ ᠣᠨᠴᠠᠯᠢᠭ ᠪᠦᠬᠦᠢ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠲᠥᠯᠥᠪᠯᠡᠵᠦ᠂ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠡᠷᠡᠲᠦ ᠲᠡᠮᠳᠡᠭ ᠢ ᠪᠤᠢ ᠪᠣᠯᠭᠠᠵᠤ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ | |