7 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠲᠤ | ᠭᠦᠨᠵᠡᠭᠡᠶᠢᠷᠡᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠭᠤᠮᠲᠠ ᠶᠢᠨ ᠨᠡᠭᠡᠭᠡᠯᠲᠡ ᠵᠡᠷᠭᠡ | ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠬᠥᠯᠥᠨ ᠨᠠᠭᠤᠷ ᠤᠨ ᠰᠠᠪᠠ ᠭᠠᠵᠠᠷ ᠤᠨ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠤᠨ ᠰᠡᠷᠭᠦᠯᠲᠡ ᠵᠢᠴᠢ ᠤᠰᠤᠨ ᠤ ᠠᠮᠢ ᠠᠬᠤᠢ ᠶᠢᠨ ᠵᠠᠰᠠᠯᠲᠠ ᠶᠢᠨ | ᠲᠥᠪ᠂ ᠢᠦᠢ ᠯᠢ ᠰᠢᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠬᠦᠯᠡᠮᠵᠢ ᠵᠡᠷᠭᠡ ᠭᠠᠵᠠᠷ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ᠂ | ᠦᠢᠯᠡᠳᠪᠦᠷᠢᠯᠡᠯ ᠵᠢᠴᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | ᠲᠡᠷᠡ ᠴᠢᠬᠤᠯᠠᠴᠢᠯᠠᠭᠰᠠᠨ ᠨᠢ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠪᠣᠯ ᠶᠡᠷᠦᠩᠬᠡᠶ | ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠢᠮᠠᠭᠲᠠ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠨ᠂ ᠬᠥᠯᠥᠨ ᠨᠠᠭᠤᠷ ᠤᠨ ᠰᠠᠪᠠ | ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ᠃ ᠰᠢᠨᠵᠢᠯᠡᠬᠦ | ᠤᠬᠠᠭᠠᠨ ᠤ ᠰᠤᠳᠤᠯᠭᠠᠨ ᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ | ᠠᠪᠴᠢᠷᠠᠵᠤ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠲᠥᠬᠦᠭᠡᠷᠦᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠵᠡᠶ᠃ ᠠᠯᠢᠪᠠ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠥᠨᠳᠥᠷ ᠪᠠᠷᠢᠮᠵᠢᠶ᠎ᠠ᠂ | ᠣᠳᠣᠬᠢᠴᠢᠯᠠᠭᠰᠠᠨ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠪᠤᠶᠢᠵᠢᠭᠤᠯᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠬᠥᠯᠥᠨ ᠨᠠᠭᠤᠷ ᠤᠨ ᠰᠠᠪᠠ | ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠳᠤ ᠨᠠᠩ ᠶᠡᠭᠡ ᠦᠶ᠋ᠯᠡᠳᠦᠯ ᠦᠵᠡᠭᠦᠯᠦᠨ᠎ᠡ᠃ | ᠮᠠᠨᠵᠤᠤᠷ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠶᠤᠨᠲᠤ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ᠂ ᠢᠦᠢ ᠯᠢ ᠰᠢᠨ | ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠤᠨ ᠬᠠᠷᠢᠭᠤ ᠮᠡᠳᠡᠭᠦᠯᠦᠯᠲᠡ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠥᠪᠰᠢᠶᠡᠷᠡᠭᠳᠡᠭᠰᠡᠨ ᠨᠢ ᠮᠠᠨᠵᠤᠤᠷ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠤᠨ ᠰᠡᠳᠦᠪ ᠢᠶᠠᠨ ᠡᠪᠳᠡᠵᠦ ᠬᠥᠭᠵᠢᠬᠦ ᠴᠢᠬᠤᠯᠠ ᠶᠡᠭᠡ ᠠᠵᠠ ᠲᠣᠬᠢᠶᠠᠯ ᠪᠣᠯᠤᠨ᠎ᠠ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠬᠡᠷᠡᠭᠲᠡᠶ᠃ ᠣᠷᠣᠨ ᠪᠦᠰᠡ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠮᠢᠶ᠎ᠠ | ᠪᠦᠬᠦᠢ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠲᠦᠷᠭᠡᠨ ᠠᠬᠢᠭᠤᠯᠵᠤ᠂ | ᠪᠣᠭᠤᠮᠲᠠ ᠶᠢᠨ ᠠᠵᠤ ᠠᠬᠤᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠹᠠᠨ ᠳ᠋ᠠ ᠣᠯᠠᠨ ᠤᠯᠤᠰ ᠠᠴᠠ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠦᠢᠲᠡᠨ ᠬᠡᠯᠬᠢᠶᠡᠲᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠢᠦᠶ ᠯᠢ ᠰᠢᠨ ᠱᠠᠭᠠᠷᠳᠠᠯᠭ᠎ᠠ ᠳᠠᠭᠠᠨ ᠬᠠᠮᠢᠶ᠎ᠠ ᠪᠦᠬᠦᠢ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ | ᠬᠢᠯᠢ ᠳᠤ ᠣᠷᠣᠬᠤ ᠮᠢᠬᠠᠨ ᠤ ᠲᠥᠷᠥᠯ ᠤᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠭᠠᠵᠠᠷ ᠢ ᠭᠤᠶᠤᠴᠢᠯᠠᠨ ᠪᠠᠶᠢᠭᠤᠯᠬᠤ ᠵᠢᠴᠢ ᠣᠲᠣ ᠶᠢᠨ ᠪᠠᠶᠢᠭ᠎ᠠ | ᠪᠡᠯᠡᠳᠬᠡᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠠᠮᠤᠷ ᠲᠦᠪᠰᠢᠨ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨᠬᠦ | ᠪᠠᠲᠤᠯᠠᠨ᠎ᠠ᠃ ᠪᠣᠭᠤᠮᠲᠠ ᠶᠢᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠭ᠊ ᠭᠦᠢᠴᠡᠳ ᠪᠠᠳᠠᠷᠠᠭᠤᠯᠵᠤ᠂ ᠬᠡᠯᠬᠢᠶ᠎ᠡ ᠪᠠᠨ ᠬᠦᠴᠦᠯᠡᠨ ᠤᠷᠲᠤᠳᠬᠠᠵᠤ᠂ | ᠬᠡᠷᠡᠭᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ ᠬᠠᠮᠵᠢᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ | ᠣᠷᠣᠭᠤᠯᠬᠤ ᠮᠢᠬᠠᠨ ᠤ ᠡᠬᠢ ᠪᠠᠶᠠᠯᠢᠭ ᠢ ᠰᠠᠭᠤᠷᠢᠰᠢᠭᠤᠯᠤᠨ ᠡᠳ᠋ᠰᠢᠭᠦᠯᠬᠦ ᠠᠵᠤ ᠦᠶ᠋ᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠡᠢ ᠃ ᠨᠡᠪᠲᠡᠷᠡᠯ ᠵᠠᠮ ᠤᠨ | ᠠᠵᠤ ᠠᠬᠤᠢ ᠶᠢᠨ ᠰᠠᠭᠤᠷᠢᠰᠢᠬᠤ ᠠᠵᠤ ᠠᠬᠤᠢ ᠲᠡᠰᠢ ᠬᠤᠪᠢᠷᠠᠬᠤ ᠳᠤ ᠬᠦᠴᠦ ᠨᠡᠮᠡᠷᠢᠯᠡᠪᠡ᠃ | ᠥᠪᠥᠷ ᠮᠣᠩᠭᠤᠯ ᠤᠨ ᠢ ᠲᠠᠢ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠦᠶ᠋ᠯᠡᠳᠪᠦᠷᠢᠯᠡᠯ ᠤᠨ ᠲᠠᠰᠤᠭ ᠵᠢᠴᠢ ᠲᠣᠰᠣ ᠰᠠᠪᠠᠯᠠᠬᠤ | ᠦᠶ᠋ᠯᠡᠳᠪᠦᠷᠢᠯᠡᠯ ᠤᠨ ᠱᠤᠭᠤᠮ ᠠᠴᠠ ᠦᠶ᠋ᠯᠡᠳᠪᠦᠷᠢᠯᠡᠵᠦ ᠡᠳ᠋ᠰᠢᠭᠦᠯᠦᠭᠰᠡᠨ ᠬᠡᠮᠵᠢᠶ᠎ᠡ ᠪᠣᠯᠤᠨ ᠪᠣᠷᠣᠯᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ | ᠢᠦᠶ ᠯᠢ ᠰᠢᠨ ᠱᠠᠭᠠᠷᠳᠠᠭᠰᠠᠨ ᠨᠢ᠂ ᠠᠵᠤ ᠦᠶ᠋ᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠶ᠋ᠯᠡᠰ ᠤᠨ ᠳᠡᠰ ᠢ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ | ᠪᠦᠬᠦᠢ ᠰᠠᠯᠠᠭ᠎ᠠ ᠮᠥᠴᠢᠷ ᠤᠳ ︽ᠬᠠᠷᠢᠯᠴᠠᠨ ᠠᠷᠠᠯᠵᠢᠶᠠᠯᠠᠬᠤ +︾ ᠲᠥᠷᠥ ᠶᠢᠨ ᠪᠣᠳᠣᠯᠭ᠎ᠠ ᠶᠢ ᠢᠳᠡᠪᠬᠢᠲᠡᠢ ᠣᠯᠵᠤ᠂ ᠠᠵᠤ ᠠᠬᠤᠶᠢᠯᠠᠯ ᠤᠨ ᠦᠶ᠋ᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ | ᠮᠠᠨᠵᠤᠤᠷ ᠬᠤᠲᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠣᠯᠪᠠ᠃ | |