| ︵ᠨᠢᠭᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠶ | ᠨᠠᠮ ᠪᠠ ᠤᠯᠤᠰ ᠠᠴᠠ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠤᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠪᠣᠯᠤᠨ ᠳᠦᠷᠢᠮᠵᠢᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | ︵ᠬᠤᠶᠠᠷ︶ ᠪᠥᠬᠦ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠂ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ | ᠠᠵᠢᠯ ᠢ ᠵᠢᠯᠣᠭᠤᠳᠤᠨ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠶᠢᠨ ᠳᠦᠷᠢᠮ ᠢ ᠵᠣᠬᠢᠶᠠᠨ ᠪᠠᠶᠢᠭᠤᠯᠵᠤ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ | ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠳᠥᠷᠪᠡ︶ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠲᠥᠯᠥᠪᠵᠢᠭᠦᠯᠭᠡ᠂ | ᠪᠥᠲᠥᠭᠡᠨ ᠪᠠᠶᠢᠭᠤᠯᠤᠯᠲᠠ ᠶᠢᠨ ᠵᠥᠪᠰᠢᠶᠡᠷᠡᠯ ᠣᠯᠤᠭᠰᠠᠨ ᠥᠬᠡᠶ ᠪᠠ ᠲᠥᠯᠥᠪᠵᠢᠭᠦᠯᠭᠡ ᠶᠢᠨ ᠵᠥᠪᠰᠢᠶᠡᠷᠡᠯ | ᠶᠣᠰᠣᠭᠠᠷ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ ᠥᠬᠡᠶ ᠵᠡᠷᠭᠡ ᠬᠠᠤᠯᠢ ᠲᠣᠭᠲᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠠᠵᠢᠯ ᠢ | ᠬᠠᠷᠢᠭᠤᠴᠠᠨ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠤᠷ᠎ᠠ ᠪᠠᠷ ᠢᠶᠠᠨ ᠡᠵᠡᠯᠡᠨ | ᠬᠡᠷᠡᠭᠯᠡᠵᠦ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ | ᠵᠠᠰᠠᠭ ᠵᠠᠬᠢᠷᠭᠠᠨ ᠢᠶᠠᠷ ᠰᠢᠢᠳᠬᠡᠨ ᠲᠣᠷᠭᠠᠬᠤ ᠠᠵᠢᠯ ᠢ ᠬᠢᠬᠦ ᠬᠡᠷᠡᠭᠲᠡᠶ᠃ | ︵ᠲᠠᠪᠤ︶ ᠵᠡᠭᠡᠯᠢ ᠳᠠᠭᠤ ᠪᠠᠶᠢᠭ᠎ᠠ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ᠂ ᠵᠠᠰᠠᠯ ᠴᠢᠮᠡᠭᠯᠡᠯ ᠤᠨ | ᠥᠭᠡᠷᠡᠴᠢᠯᠡᠯᠲᠡ ᠶᠢᠨ ᠬᠢᠨᠠᠯᠲᠠ ᠬᠠᠮᠢᠶᠠᠷᠤᠯᠲᠠ ᠪᠠ ᠤᠯᠠᠨ ᠨᠡᠶᠢᠲᠡ ᠶᠢᠨ ᠣᠷᠣᠨ ᠵᠠᠶ ᠶᠢᠨ ᠡᠮᠬᠢ ᠵᠢᠷᠤᠮ ᠤᠨ | ᠬᠠᠮᠢᠶᠠᠷᠤᠯᠲᠠ ᠶᠢ ᠬᠠᠷᠢᠭᠤᠴᠠᠨ᠎ᠠ᠂ ᠭᠡᠷ ᠤᠨ ᠭᠠᠳᠠᠨᠠᠬᠢ ᠵᠠᠷ ᠮᠡᠳᠡᠭᠡ ᠪᠠᠶᠢᠷᠢᠯᠠᠭᠤᠯᠬᠤ ᠬᠠᠮᠢᠶᠠᠷᠤᠯᠲᠠ ᠪᠣᠯᠤᠨ ᠫᠠᠶᠢᠰᠠ | ᠢᠯᠡᠷᠬᠡᠶᠢᠯᠡᠯ ᠪᠠᠶᠢᠷᠢᠯᠠᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠬᠢᠨᠠᠨ ᠵᠥᠪᠰᠢᠶᠡᠷᠡᠯ ᠣᠯᠣᠭᠰᠠᠨ ᠦᠭᠡᠢ ᠪᠤᠶᠤ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ | ᠵᠥᠷᠢᠴᠡᠨ ᠬᠤᠲᠠ ᠶᠢᠨ ᠶᠠᠪᠤᠳᠠᠯ ᠤᠨ ᠵᠠᠮ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠲᠥᠬᠦᠭᠡᠷᠦᠮᠵᠢ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠮᠠᠯᠲᠠᠬᠤ᠂ ᠡᠵᠡᠯᠡᠬᠦ᠂ ᠡᠪᠳᠡᠬᠦ ᠠᠵᠢᠯ ᠢ ᠬᠢᠨᠠᠨ | ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠢᠨᠠᠨ ᠵᠥᠪᠰᠢᠶᠡᠷᠡᠭᠦᠯᠦᠭᠡᠳᠦᠶ ᠪᠠᠷ ᠴᠡᠴᠡᠷᠯᠢᠭ ᠤᠨ ᠵᠦᠯᠭᠡ ᠭᠠᠵᠠᠷ ᠵᠢᠴᠢ ᠳᠠᠭᠠᠯᠲᠠ ᠲᠥᠬᠦᠭᠡᠷᠦᠮᠵᠢ ᠶᠢ ᠬᠠᠤᠯᠢ | ᠪᠤᠰᠤ ᠪᠠᠷ ᠡᠪᠳᠡᠬᠦ ᠵᠢᠴᠢ ᠵᠥᠪᠰᠢᠶᠡᠷᠡᠭᠰᠡᠨ ᠤ ᠳᠠᠷᠠᠭ᠎ᠠ ᠬᠢᠨᠠᠨ ᠵᠥᠪᠰᠢᠶᠡᠷᠡᠯ ᠤᠨ ᠱᠠᠭᠠᠷᠳᠠᠯᠭ᠎ᠠ ᠶᠢ ᠵᠥᠷᠢᠴᠡᠨ | ᠬᠤᠲᠠ ᠶᠢᠨ ᠲᠣᠭᠤᠷᠢᠭ ᠤᠨ ᠴᠡᠴᠡᠷᠯᠢᠭ ᠤᠨ ᠮᠣᠳᠣ ᠶᠢ ᠣᠭᠲᠣᠯᠬᠤ᠂ ᠰᠢᠯᠵᠢᠭᠦᠯᠦᠨ ᠵᠠᠶᠢᠯᠠᠬᠤ᠂ ᠵᠦᠯᠭᠡ ᠭᠠᠵᠠᠷ ᠢ | ᠡᠵᠡᠯᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠥᠭᠬᠦ ᠠᠵᠢᠯ ᠢ ᠬᠠᠷᠢᠭᠤᠴᠠᠨ᠎ᠠ᠃ ᠴᠡᠴᠡᠷᠯᠢᠭ᠂ ᠵᠤᠭᠠᠴᠠᠬᠤ ᠬᠦᠷᠢᠶᠡᠯᠡᠩ᠂ ᠬᠤᠲᠠ ᠶᠢᠨ ᠠᠭᠤᠳᠠᠮ | ᠲᠠᠯᠠᠪᠠᠢ᠂ ᠣᠯᠠᠨ ᠨᠡᠶᠢᠲᠡ ᠶᠢᠨ ᠵᠦᠯᠭᠡ ᠭᠠᠵᠠᠷ᠂ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ | ᠲᠠᠯᠠᠪᠤᠷ ᠤᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠪᠠ ᠡᠵᠡᠩᠨᠡᠯᠲᠡ ᠶᠢᠨ ᠡᠮᠬᠢ ᠵᠢᠷᠤᠮ ᠵᠡᠷᠭᠡ ᠲᠠᠯ᠎ᠠ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠨᠠᠢᠮᠠ︶ ᠠᠮᠢᠳᠤᠷᠠᠯ ᠤᠨ ᠬᠤᠭ ᠨᠣᠪᠰᠢ᠂ ᠬᠤᠭᠤᠯᠠᠨ ᠬᠡᠷ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ | ᠰᠢᠢᠳᠪᠦᠷᠢᠯᠡᠬᠦ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠂ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠤᠷ ᠦᠭᠡᠶᠢᠳᠡᠭᠦᠯᠬᠦ ᠠᠵᠢᠯ ᠢ ᠬᠠᠷᠢᠭᠤᠴᠠᠨ᠎ᠠ᠂ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢᠨ | ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠦ︶ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠤ ᠠᠬᠤᠶᠢᠯᠠᠯ ᠢ | ᠳᠠᠩᠰᠠᠯᠠᠭᠤᠯᠬᠤ ᠶᠢ ᠬᠠᠷᠢᠭᠤᠴᠠᠨ᠎ᠠ᠂ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ᠂ ᠪᠠᠭᠲᠠᠭᠠᠨ ᠰᠢᠩᠭᠡᠭᠡᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠ︶ ᠲᠡᠷᠭᠡᠨ ᠤ ᠵᠣᠭᠰᠣᠭᠠᠯ ᠤᠨ ᠪᠠᠶᠢᠷᠢᠯᠠᠭᠤᠯᠤᠯᠲᠠ ᠶᠢ ᠳᠠᠩᠰᠠᠯᠠᠭᠤᠯᠬᠤ ᠵᠢᠴᠢ ᠲᠡᠷᠭᠡᠨ ᠤ | ᠵᠣᠭᠰᠣᠭᠠᠯ ᠢ ᠪᠠᠶᠢᠭᠤᠯᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠢ ᠡᠵᠡᠯᠡᠭᠰᠡᠨ᠂ ᠬᠠᠤᠯᠢ ᠠᠴᠠ ᠵᠥᠷᠢᠴᠡᠨ ᠲᠡᠷᠭᠡ ᠬᠥᠰᠬᠡ ᠶᠢ | ᠵᠣᠭᠰᠣᠭᠠᠭᠰᠠᠨ ᠵᠡᠷᠭᠡ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠠᠵᠢᠯ ︵ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠥᠷᠨᠢᠭᠦᠯᠦᠨ᠎ᠡ︶ ᠢ | ᠬᠠᠷᠢᠭᠤᠴᠠᠨ᠎ᠠ᠃ | ︵ᠠᠷᠪᠠᠨ ᠨᠢᠭᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠪᠠᠷᠢᠯᠭ᠎ᠠ ᠶᠢᠨ ᠬᠤᠭ ᠨᠣᠪᠰᠢ | ᠲᠡᠭᠡᠭᠡᠪᠦᠷᠢᠯᠡᠬᠦ ᠶᠠᠪᠤᠴᠠ ᠳᠠᠬᠢ ᠲᠣᠭᠤᠰᠣ ᠳᠡᠭᠳᠡᠬᠦ᠂ ᠳᠤᠰᠤᠯᠭᠠᠬᠤ᠂ ᠰᠠᠴᠤᠬᠤ᠂ ᠭᠤᠭᠤᠵᠢᠭᠤᠯᠬᠤ ᠪᠣᠬᠢᠷᠲᠤᠯ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠤᠲᠤᠭᠠᠨ ᠤ ᠪᠣᠬᠢᠷᠲᠤᠯ᠂ ᠵᠠᠳᠠᠭᠠᠶ ᠰᠢᠷᠠᠮᠠᠯ ᠤᠨ ᠭᠠᠵᠠᠷ ᠤᠨ | ᠪᠣᠬᠢᠷᠲᠤᠯ ᠵᠡᠷᠭᠡ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ | ᠬᠠᠷᠢᠭᠤᠴᠠᠨ᠎ᠠ᠃ | ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ ᠭᠠᠳᠠᠨᠠᠬᠢ | ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠥᠬᠡᠶ ᠪᠠᠷ ᠡᠵᠡᠩᠨᠡᠬᠦ᠂ ᠬᠡᠷ ᠤᠨ ᠭᠠᠳᠠᠨᠠᠬᠢ ᠵᠠᠷ ᠮᠡᠳᠡᠭᠡᠨ ᠤ | ᠠᠭᠤᠯᠭ᠎ᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠵᠢᠴᠢ ᠵᠠᠰᠠᠭ | ᠵᠠᠬᠢᠷᠭᠠᠨ ᠤ ᠰᠢᠢᠳᠬᠡᠯ ᠥᠭᠬᠦ ᠠᠵᠢᠯ ᠢ ᠬᠠᠷᠢᠭᠤᠴᠠᠨ᠎ᠠ᠂ ᠡᠯ᠎ᠡ ᠲᠥᠷᠥᠯ ᠤᠨ ᠵᠠᠳᠠᠭᠠᠶ ᠠᠷᠠᠳ ᠲᠤ ᠳᠥᠭᠦᠮ | ᠦᠵᠡᠭᠦᠯᠬᠦ ᠵᠠᠬ᠎ᠠ ᠳᠡᠯᠭᠡᠭᠦᠷ᠂ ᠲᠦᠷ ᠴᠠᠭ ᠤᠨ ᠵᠠᠬ᠎ᠠ ᠳᠡᠯᠭᠡᠭᠦᠷ ᠵᠡᠷᠭᠡ ᠶᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠠᠷᠪᠠᠨ ᠭᠤᠷᠪᠠ︶ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ | ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠦᠷ ᠤᠨ | ᠦᠨᠡᠮᠯᠡᠯ ᠦᠭᠡᠶ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠬᠤᠲᠠ ᠶᠢᠨ ᠬᠠᠮᠢᠶᠠᠷᠤᠯᠲᠠ ᠶᠢ ᠲᠣᠭᠠᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ | ᠠᠵᠢᠯ ᠢ ᠬᠠᠷᠢᠭᠤᠴᠠᠨ ᠠᠬᠢᠭᠤᠯᠤᠨ᠎ᠠ᠃ | ︵ᠠᠷᠪᠠᠨ ᠲᠠᠪᠤ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |