︵ᠨᠢᠭᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ | ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ᠂ ᠪᠠᠷᠢᠮᠵᠢᠶ ᠠ ᠶᠢ ᠲᠤᠭᠤᠷᠪᠢᠨ ᠲᠣᠭᠲᠠᠭᠠᠨ᠎ᠠ᠃ ᠶᠠᠰᠤ | ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ | ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ | ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ | ᠬᠠᠷᠢᠭᠤᠴᠠᠨ᠎ᠠ᠃ ᠪᠦᠬᠦ ᠲᠣᠭᠤᠷᠢᠭ ᠤᠨ ᠡᠯ᠎ᠡ ᠲᠥᠷᠥᠯ ᠤᠨ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ | ᠬᠤᠷᠢᠰᠢᠶᠠᠵᠢᠯ ᠪᠣᠯᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠵᠢᠴᠢ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ | ᠠᠵᠢᠯ ᠢ ᠵᠣᠬᠢᠶᠠᠨ ᠪᠠᠶᠢᠭᠤᠯᠤᠨ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ | ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ ᠬᠡᠷᠡᠭᠵᠢᠭᠦᠯᠦᠨ᠎ᠡ᠃ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠳᠦᠷᠢᠮᠵᠢᠭᠦᠯᠦᠨ᠎ᠡ᠃ | ︵ᠳᠥᠷᠪᠡ︶ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠳᠡᠭᠡᠳᠦ ᠱᠠᠲᠤᠨ ᠤ ᠡᠷᠬᠡ ᠣᠯᠭᠤᠯᠲᠠ ᠶᠢ ᠦᠨᠳᠦᠰᠦᠯᠡᠨ᠂ ᠡᠵᠡᠩᠨᠡᠭᠴᠢ ᠶᠢᠨ ᠲᠥᠪᠯᠡᠷᠡᠭᠰᠡᠨ ᠦᠢᠯᠡ | ᠠᠵᠢᠯᠯᠠᠭ᠎ᠠ ᠳᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠠᠭᠴᠠᠭᠠᠷ | ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ᠂ ᠵᠠᠰᠠᠭ | ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ᠂ ᠥᠷᠢᠰᠥᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ | ᠭᠠᠭᠴᠠᠭᠠᠷ ᠡᠵᠡᠮᠰᠢᠬᠦ ᠶᠢ ᠡᠰᠡᠷᠭᠦᠴᠡᠬᠦ ᠵᠡᠷᠭᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ᠃ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ ᠪᠠ ᠳᠠᠮᠵᠢᠭᠤᠯᠤᠨ ᠪᠣᠷᠣᠯᠠᠭᠤᠯᠬᠤ ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ | ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ | ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ | ᠪᠤᠰᠤ ᠥᠷᠢᠰᠥᠯᠳᠦᠭᠡᠨ ᠬᠢᠭᠰᠡᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ | ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠷ ᠮᠡᠳᠡᠭᠡᠨ ᠤ ᠦᠢᠯᠡᠰ ᠤᠨ | ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡᠨ ᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠥᠬᠡᠶ ᠪᠠᠷ | ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠥᠬᠦᠶ ᠦᠨᠡᠮᠯᠡᠯ ᠥᠬᠡᠶ ᠪᠠᠷ ᠦᠢᠯᠡᠳᠪᠦᠷᠢᠯᠡᠵᠦ ᠡᠵᠡᠩᠨᠡᠬᠦ ᠦᠢᠯᠡ | ᠠᠵᠢᠯᠯᠠᠭ᠎ᠠ ᠶᠢ ᠵᠢᠯᠣᠭᠤᠳᠤᠨ ᠪᠠᠶᠢᠴᠠᠭᠠᠨ ᠰᠢᠢᠳᠪᠦᠷᠢᠯᠡᠨ᠎ᠡ᠃ ᠲᠣᠭᠤᠷᠢᠭ ᠤᠨ ᠬᠡᠷᠡᠭᠯᠡᠭᠴᠢᠳ ᠤᠨ ᠨᠡᠶᠢᠭᠡᠮᠯᠢᠭ ᠤᠨ | ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ | ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ | ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ | ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠦᠨᠳᠦ ᠶᠡᠭᠡ ᠶᠠᠰᠤ ᠴᠢᠨᠠᠷ ᠤᠨ | ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ | ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠤᠳᠠᠯ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠣᠯᠤᠭ᠎ᠠ︶ ᠦᠢᠯᠡᠳᠬᠦᠨ ᠤ ︵ᠲᠠᠸᠠᠷ ᠤᠨ︶ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ︵ᠲᠠᠸᠠᠷ ᠤᠨ︶ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠥᠬᠦ | ᠲᠣᠭᠤᠷᠢᠭ ᠤᠨ ᠦᠢᠯᠡᠳᠬᠦᠨ ᠤ ︵ᠲᠠᠸᠠᠷ ᠤᠨ︶ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ | ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠠᠵᠢᠯ ᠢ ᠬᠠᠷᠢᠭᠤᠴᠠᠨ᠎ᠠ᠃ | ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ | ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ | ᠲᠣᠨᠤᠭ ᠲᠦᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠠᠭᠠᠷ ᠤᠨ ᠵᠤᠤᠬ᠎ᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ | ᠪᠠᠶᠢᠴᠠᠭᠠᠨ᠎ᠠ᠃ | ︵ᠶᠢᠰᠦ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ | ᠨᠠᠶᠢᠳᠠᠪᠤᠷᠢᠵᠢᠭᠤᠯᠤᠨ᠎ᠠ᠃ | ︵ᠠᠷᠪᠠ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠨ ᠪᠠᠶᠢᠴᠠᠭᠠᠬᠤ ᠳᠦᠷᠢᠮ ᠪᠣᠯᠤᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠢᠯᠡᠳᠪᠦᠷᠢᠯᠡᠬᠦ ᠡᠵᠡᠩᠨᠡᠭᠴᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ | ᠰᠢᠰᠲ᠋ᠧᠮᠵᠢ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠢᠳᠡᠭᠡᠨ ᠤ ᠠᠶᠤᠯ ᠦᠭᠡᠢ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ᠂ ᠲᠦᠭᠰᠢᠭᠦᠷᠢ ᠶᠢ | ᠰᠡᠷᠡᠮᠵᠢᠯᠡᠭᠦᠯᠬᠦ ᠪᠠ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ | ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠶ ᠢᠳᠡᠭᠡᠨ ᠤ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠡᠮ ︵ᠬᠢᠲᠠᠳ ᠡᠮ᠂ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ︶᠂ | ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠳᠦᠷᠢᠮ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠬᠡᠷᠡᠭᠲᠡᠶ᠃ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠪᠠᠷᠢᠮᠵᠢᠶ᠎ᠠ ᠶᠢᠨ ᠬᠠᠮᠢᠶᠠᠷᠤᠯᠲᠠ ᠳᠤ ᠣᠷᠣᠯᠴᠠᠨ᠎ᠠ᠃ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠤᠨ ᠪᠠᠷᠢᠮᠵᠢᠶ᠎ᠠ ᠪᠣᠯᠤᠨ ᠲᠥᠷᠥᠯ ᠬᠤᠪᠢᠶᠠᠨ | ᠬᠠᠮᠢᠶᠠᠷᠬᠤ ᠳᠦᠷᠢᠮ ᠢ ᠬᠠᠮᠵᠢᠯᠴᠠᠨ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ | ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠭᠯᠡᠯ ᠤᠨ ᠡᠳ᠋ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠠᠷᠭ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ᠂ | ᠬᠡᠷᠡᠭᠯᠡᠯᠲᠡ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠢ | ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ | ᠵᠦᠢᠯ ᠤᠨ ᠮᠠᠭᠤ ᠤᠷᠪᠠᠯ᠂ ᠡᠮ ᠢ ᠳᠤᠷ᠎ᠠ ᠪᠠᠷ ᠬᠡᠷᠡᠭᠯᠡᠬᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠪᠣᠯᠤᠨ | ᠵᠠᠰᠠᠯ ᠴᠢᠮᠡᠭ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ | ᠡᠳ᠋ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ︵ᠠᠷᠪᠠᠨ ᠭᠤᠷᠪᠠ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ | ᠴᠢᠮᠡᠭ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠠᠶᠢᠴᠠᠭᠠᠬᠤ ᠳᠦᠷᠢᠮ ᠲᠣᠭᠲᠠᠭᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ | ᠡᠳ᠋ ᠤᠨ ᠡᠵᠡᠩᠨᠡᠯᠲᠡ᠂ ᠬᠡᠷᠡᠭᠯᠡᠯᠲᠡ ᠶᠢᠨ ᠵᠠᠩᠭᠢᠯᠠᠭ᠎ᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠪᠠ | ᠰᠢᠢᠳᠪᠦᠷᠢᠯᠡᠬᠦ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠳᠥᠷᠪᠡ︶ ᠬᠡᠮᠵᠢᠯᠲᠡ ᠶᠢᠨ ᠠᠵᠢᠯ ᠢ ᠬᠠᠷᠢᠭᠤᠴᠠᠵᠤ ᠨᠢᠭᠡᠳᠦᠯᠲᠡᠶ ᠬᠠᠮᠢᠶᠠᠷᠤᠨ᠎ᠠ᠃ ᠤᠯᠤᠰ ᠤᠨ | ᠬᠡᠮᠵᠢᠯᠲᠡ ᠶᠢᠨ ᠳᠦᠷᠢᠮ ᠢ ᠨᠠᠢᠳᠠᠪᠤᠷᠢᠵᠢᠭᠤᠯᠬᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠶᠢ | ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ | ᠠᠵᠢᠯ ᠢ ᠬᠢᠨᠠᠨ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ | ᠳᠦᠷᠢᠮᠵᠢᠭᠦᠯᠵᠦ ᠬᠢᠨᠠᠯᠲᠠ ᠲᠠᠯᠪᠢᠨ᠎ᠠ᠃ ︵ᠠᠷᠪᠠᠨ ᠲᠠᠪᠤ︶ ᠪᠦᠬᠦ ᠲᠣᠭᠤᠷᠢᠭ ᠤᠨ ᠪᠠᠷᠢᠮᠵᠢᠶᠠᠵᠢᠭᠤᠯᠬᠤ | ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ | ᠰᠡᠳᠦᠪ ᠲᠣᠭᠲᠠᠭᠠᠬᠤ᠂ ᠳ᠋ᠤᠭᠠᠷᠯᠠᠬᠤ ᠪᠠ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ | ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ | ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠵᠢᠷᠭᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠨ ᠬᠠᠮᠢᠶᠠᠷᠤᠨ᠎ᠠ᠃ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠳᠦᠷᠢᠮᠵᠢᠭᠦᠯᠵᠦ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ | ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠳᠣᠯᠤᠭ᠎ᠠ︶ ᠪᠦᠬᠦ ᠲᠣᠭᠤᠷᠢᠭ ᠤᠨ ISO ᠶᠠᠰᠤ ᠴᠢᠨᠠᠷ ᠤᠨ ᠰᠢᠰᠲ᠋ᠧᠮᠵᠢ ᠶᠢ ᠨᠢᠭᠡᠳᠦᠯᠲᠡᠶ | ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠵᠡᠷᠭᠡ ᠭᠡᠷᠡᠴᠢᠯᠡᠯ ᠤᠨ ᠠᠵᠢᠯ ᠢ ᠬᠠᠷᠢᠭᠤᠴᠠᠨ᠎ᠠ᠃ | ᠭᠡᠷᠡᠴᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠶᠠᠰᠤ ᠴᠢᠨᠠᠷ ᠢ | ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ | ︵ᠠᠷᠪᠠᠨ ᠨᠠᠢᠮᠠ︶ ᠪᠦᠬᠦ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ | ᠬᠠᠷᠢᠭᠤᠴᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ | ᠣᠯᠠᠨ ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠲᠥᠷᠥᠯ ᠵᠦᠶ᠋ᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠶᠢ | ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠦᠯᠲᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠠᠰᠢᠭ ᠢᠶᠠᠨ ᠬᠠᠮᠠᠭᠠᠯᠠᠬᠤ | ᠲᠤᠰᠠᠯᠠᠮᠵᠢ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠶᠢᠰᠦ︶ ᠦᠨ᠎ᠡ ᠬᠠᠩᠰᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ | ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ | ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠨ᠎ᠡ᠃ | ︵ᠬᠤᠷᠢ︶ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶ᠋ᠯᠡᠳᠪᠦᠷᠢ ᠬᠤᠳᠠᠯᠳᠤᠭᠠᠨ ᠤ ᠡᠷᠦᠬᠡ᠂ | ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ | ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠬᠤᠷᠢᠨ ᠨᠢᠭᠡ︶ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | |