| ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠥᠯᠥᠨ ᠪᠤᠶᠢᠷ ᠬᠤᠲᠠ ᠶᠢᠨ ᠲᠤᠭ᠎ᠠ | ᠪᠦᠷᠢᠳᠬᠡᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠡ︔ | ᠲᠤᠭᠤᠷᠢᠭ ᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ᠂ ᠲᠤᠭ᠎ᠠ ᠪᠦᠷᠢᠳᠬᠡᠯ ᠤᠨ ᠪᠠᠶᠢᠭᠤᠯᠤᠯᠲᠠ ᠵᠢᠴᠢ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ︔ ᠲᠤᠭ᠎ᠠ ᠪᠦᠷᠢᠳᠬᠡᠯ ᠤᠨ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠳᠤ ᠬᠢᠨᠠᠯᠲᠠ ᠳᠠᠯᠪᠢᠨ ᠪᠠᠶᠢᠴᠠᠭᠠᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠪᠠ ᠲᠤᠭ᠎ᠠ | ᠪᠦᠷᠢᠳᠬᠡᠯ ᠤᠨ ᠬᠦᠢᠴᠡᠳᠭᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠳᠡᠭᠡᠷ᠎ᠡ ᠱᠠᠲᠤᠨ ᠤ | ᠦᠨᠳᠦᠰᠦᠨ ᠲᠤᠭ᠎ᠠ ᠪᠦᠷᠢᠳᠬᠡᠯ ᠤᠨ ᠲᠦᠷᠢᠮ ᠢ ᠲᠤᠤᠱᠯᠠᠭᠤᠯᠤᠨ᠎ᠠ︔ ᠲᠤᠭᠤᠷᠢᠭ ᠤᠨ ᠲᠤᠭ᠎ᠠ ᠪᠦᠷᠢᠳᠬᠡᠯ ᠤᠨ | ᠲᠦᠷᠢᠮ ᠢ ᠲᠤᠭᠤᠷᠪᠢᠨ ᠲᠣᠭᠲᠠᠭᠠᠨ᠎ᠠ︔ ᠲᠤᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠯᠥᠪᠵᠢᠭᠦᠯᠭᠡ᠂ ᠲᠤᠭ᠎ᠠ ᠪᠦᠷᠢᠳᠬᠡᠯ ᠤᠨ ᠪᠠᠷᠢᠮᠵᠢᠶ᠎ᠠ᠂ ᠪᠠᠶᠢᠴᠠᠭᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠨ᠎ᠠ︔ | ᠪᠠᠯᠭᠠᠰᠤ ︵ᠵᠡᠭᠡᠯᠢ ᠭᠤᠳᠤᠮᠵᠢ︶ ᠵᠢᠴᠢ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠤᠨ᠎ᠠ︔ ᠪᠠᠯᠭᠠᠰᠤ ︵ᠵᠡᠭᠡᠯᠢ ᠭᠤᠳᠤᠮᠵᠢ︶ ᠵᠢᠴᠢ ᠡᠯ᠎ᠡ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠪᠣᠯᠤᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ | ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠠ ᠬᠢᠨᠠᠯᠲᠠ ᠳᠠᠯᠪᠢᠨ ᠪᠠᠶᠢᠴᠠᠭᠠᠨ᠎ᠠ᠃ | ︵ᠭᠤᠷᠪᠠ︶ ᠲᠤᠭᠤᠷᠢᠭ ᠤᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠬᠠᠷᠢᠭᠤᠴᠠᠨ᠎ᠠ᠃ ᠲᠤᠭᠤᠷᠢᠭ ᠤᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠴᠢᠬᠤᠯᠠ ᠶᠡᠭᠡ | ᠲᠤᠭᠤᠷᠢᠭ ᠤᠨ ᠪᠠᠶᠢᠳᠠᠯ᠂ ᠲᠤᠭᠤᠷᠢᠭ ᠤᠨ ᠬᠦᠴᠦᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠴᠢᠬᠤᠯᠠ ᠶᠡᠭᠡ ᠲᠤᠭᠤᠷᠢᠭ ᠤᠨ ᠪᠠᠶᠢᠳᠠᠯ᠂ ᠲᠤᠭᠤᠷᠢᠭ ᠤᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ | ᠲᠦᠷᠦᠯ ᠤᠨ ᠪᠠᠶᠢᠴᠠᠭᠠᠯᠲᠠ ᠶᠢᠨ ᠲᠦᠯᠦᠪᠯᠡᠯᠬᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ ᠲᠤᠭᠤᠷᠢᠭ ᠤᠨ ᠪᠠᠶᠢᠳᠠᠯ ᠲᠤᠭᠤᠷᠢᠭ ᠤᠨ ᠬᠦᠴᠦᠨ ᠤ ᠲᠠᠯ᠎ᠠ ᠪᠠᠷ ᠬᠢ | ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠶᠢᠨ ᠬᠠᠮᠳᠤ | ᠬᠠᠩᠭᠠᠨ᠎ᠠ᠃ | ︵ᠲᠦᠷᠪᠡ︶ ᠪᠦᠷᠢᠳᠬᠡᠨ ᠬᠤᠷᠢᠶᠠᠩᠭᠤᠶᠢᠯᠠᠬᠤ ᠪᠠ ᠲᠤᠭ᠎ᠠ ᠪᠠᠷᠢᠮᠲᠠ ᠬᠠᠩᠭᠠᠬᠤ ᠠᠵᠢᠯ ᠢ ᠬᠠᠷᠢᠭᠤᠴᠠᠨ᠎ᠠ᠃ | ᠲᠠᠷᠢᠶᠠᠯᠠᠩ ᠣᠢ ᠰᠢᠭᠤᠶ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ | ᠦᠢᠯᠡᠴᠢᠯᠡᠬᠡᠨ ᠤ ᠦᠢᠯᠡᠰ ᠵᠡᠷᠭᠡ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ | ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠪᠦᠬᠦ | ᠲᠤᠭᠤᠷᠢᠭ ᠤᠨ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠭᠡ ᠮᠡᠷᠭᠡᠵᠢᠯ᠂ ᠬᠥᠮᠦᠨ ᠠᠮᠠ᠂ ᠨᠡᠶᠢᠭᠡᠮ ᠤᠨ | ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ | ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ | ᠪᠠ ᠬᠠᠩᠭᠠᠨ᠎ᠠ᠃ ᠵᠠᠮ ᠲᠡᠭᠡᠭᠡᠪᠦᠷᠢ᠂ ᠰᠢᠤᠳᠠᠨ᠂ ᠵᠤᠭᠠᠴᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ | ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ | ᠰᠠᠯᠠᠭ᠎ᠠ ᠮᠥᠴᠢᠷ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠬᠡᠵᠦ | ᠬᠠᠩᠭᠠᠨ᠎ᠠ᠃ | ︵ᠲᠠᠪᠤ︶ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ᠲᠤᠰ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠨ ᠠᠵᠤ ᠠᠬᠤᠶ᠂ ᠨᠡᠶᠢᠭᠡᠮ᠂ ᠰᠢᠨᠵᠢᠯᠡᠭᠡ ᠮᠡᠷᠭᠡᠵᠢᠯ ᠪᠠ ᠡᠬᠢ | ᠪᠠᠶᠠᠯᠢᠭ ᠣᠷᠴᠢᠨ ᠠᠬᠤᠶ ᠵᠡᠷᠭᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠪᠦᠬᠦ | ᠲᠤᠭᠤᠷᠢᠭ ᠤᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠤᠭᠳᠠᠭᠠᠨ | ᠬᠠᠮᠢᠶᠠᠷᠴᠤ᠂ ᠨᠡᠶᠢᠲᠡᠯᠡᠨ᠎ᠡ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ | ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠵᠢᠷᠭᠤᠭ᠎ᠠ︶ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠤᠨ | ᠳᠠᠪᠰᠢᠯᠲᠠ᠂ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ | ᠪᠦᠷᠢᠳᠬᠡᠯ ᠤᠨ ᠬᠢᠨᠠᠨ ᠬᠡᠮᠵᠢᠯᠲᠡ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠳᠠ ᠶᠢᠨ ᠣᠨ ᠤ ᠦᠨᠡᠯᠡᠯᠲᠡ ᠶᠢᠨ ᠠᠵᠢᠯ ᠢ ᠥᠷᠨᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ | ᠪᠣᠯᠤᠨ ᠯᠠᠪᠯᠠᠯᠳᠠ ᠥᠭᠬᠦ ᠰᠠᠨᠠᠭᠤᠯᠭ᠎ᠠ ᠬᠠᠩᠭᠠᠨ᠎ᠠ᠃ | ︵ᠳᠣᠯᠤᠭ᠎ᠠ︶ ᠲᠤᠭ᠎ᠠ ᠪᠦᠷᠢᠳᠬᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ | ᠶᠣᠰᠣᠭᠠᠷ ᠬᠢᠨᠠᠨ ᠬᠠᠷᠭᠤᠭᠤᠯᠬᠤ ᠪᠤᠶᠤ ᠳᠠᠩᠰᠠᠯᠠᠭᠤᠯᠵᠤ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ | ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ | ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ | ᠵᠢᠱᠢᠬᠦ ᠠᠵᠢᠯ ᠢ ᠥᠷᠨᠢᠭᠦᠯᠵᠦ᠂ ᠭᠠᠳᠠᠭᠠᠳᠤ ᠲᠠᠢ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ | ᠶᠤᠰᠤᠭᠠᠷ ᠬᠢᠨᠠᠯᠲᠠ ᠳᠠᠯᠪᠢᠨ᠎ᠠ᠃ | ︵ᠨᠠᠢᠮᠨ︶ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠢ ᠪᠠᠶᠢᠭᠤᠯᠬᠤ᠂ ᠬᠠᠮᠢᠶᠠᠷᠬᠤ ᠪᠠ | ᠬᠠᠮᠠᠭᠠᠯᠠᠨ᠎ᠠ᠃ ᠪᠠᠯᠭᠠᠰᠤ ︵ᠵᠡᠭᠡᠯᠢ ᠭᠤᠳᠤᠮᠵᠢ︶ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ | ᠰᠢᠰᠲ᠋ᠧᠮ ᠤᠨ ᠪᠠᠶᠢᠭᠤᠯᠤᠯᠳᠠ ᠶᠢ ᠵᠢᠯᠣᠭᠤᠳᠤᠨ᠎ᠠ᠃ | ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠷ᠎ᠡ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠬᠦᠯᠦᠨ᠎ᠡ᠃ | |