︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ | ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ | ᠲᠣᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ | ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠬᠤᠶᠠᠷ︶ ᠪᠦᠬᠦ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠦᠢᠯᠡᠰ᠂ ᠰᠣᠶᠣᠯ ᠪᠡᠶ᠎ᠡ ᠶᠢᠨ ᠲᠠᠮᠢᠷ ᠤᠨ | ᠠᠵᠤ ᠦᠢᠯᠡᠰ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠠᠮᠢᠶᠠᠷᠤᠯᠲᠠ ᠶᠢᠨ ᠠᠷᠭ᠎ᠠ᠂ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠣᠶᠣᠯ᠂ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠭᠤᠷᠪᠠ︶ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ︵ᠳᠥᠷᠪᠡ︶ ᠰᠣᠶᠣᠯ᠂ ᠵᠢᠭᠤᠯᠴᠢᠯᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠴᠢᠩᠭᠠᠳᠬᠠᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠣᠯᠤᠨ | ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ ᠪᠦᠬᠦ ᠲᠣᠭᠤᠷᠢᠭ ᠤᠨ ᠴᠢᠨᠠᠷᠲᠠᠶ ᠴᠢᠬᠤᠯᠠ ᠶᠡᠭᠡ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠬᠠᠮᠢᠶᠠᠷᠴᠤ ᠵᠣᠬᠢᠴᠠᠭᠤᠯᠤᠨ᠎ᠠ᠃ | ︵ᠲᠠᠪᠤ︶ ᠰᠣᠶᠣᠯ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠬᠦ ᠶᠢ | ᠬᠠᠷᠢᠭᠤᠴᠠᠨ᠎ᠠ᠃ ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ | ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠭᠠᠳᠠᠭᠠᠳᠤ | ᠬᠠᠮᠵᠢᠯᠴᠠᠭ᠎ᠠ ᠪᠣᠯᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠵᠤ᠂ ᠪᠦᠬᠦ ᠲᠣᠭᠤᠷᠢᠭ ᠤᠨ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ | ᠵᠢᠭᠤᠯᠴᠢᠯᠠᠯ ᠤᠨ ᠠᠵᠢᠯ ᠢ ᠵᠢᠯᠣᠭᠤᠳᠤᠨ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨAᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠱᠢᠶ᠎ᠡ ᠦᠵᠡᠭᠦᠯᠬᠦ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ | ᠬᠤᠸᠠᠷᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠪᠠ ᠳᠤᠷᠠᠰᠬᠠᠯ ᠤᠨ ᠡᠳ᠋ ᠢ ᠨᠡᠭᠡᠭᠡᠬᠦ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠭᠠᠳᠠᠭᠠᠳᠤ ᠳᠤ ᠵᠣᠷᠢᠭᠤᠯᠤᠭᠰᠠᠨ ᠰᠣᠶᠣᠯ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠠᠵᠢᠯ ᠢ | ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠰᠣᠶᠣᠯ᠂ ᠵᠢᠭᠤᠯᠴᠢᠯᠠᠯ ᠢ | ᠭᠠᠳᠠᠭᠠᠳᠤ ᠳᠤ ᠬᠠᠨᠳᠤᠭᠤᠯᠬᠤ᠂ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠬᠢᠬᠦ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠰᠣᠶᠣᠯ᠂ ᠵᠢᠭᠤᠯᠴᠢᠯᠠᠯ᠂ ᠪᠡᠶ᠎ᠡ ᠶᠢᠨ | ᠲᠠᠮᠢᠷ ᠤᠨ ᠲᠠᠯ᠎ᠠ ᠪᠠᠷ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠬᠤ ᠶᠢ ᠵᠣᠬᠢᠶᠠᠨ ᠪᠠᠶᠢᠭᠤᠯᠤᠨ᠎ᠠ᠃ | ︵ᠳᠣᠯᠤᠭ᠎ᠠ︶ ᠤᠷᠠᠯᠢᠭ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ ᠲᠦᠯᠬᠢᠨ ᠠᠬᠢᠭᠤᠯᠬᠤ ᠬᠡᠷᠡᠭᠲᠡᠶ᠃ | ᠪᠦᠬᠦ ᠲᠣᠭᠤᠷᠢᠭ ᠤᠨ ᠲᠤᠰᠬᠠᠶ ᠮᠡᠷᠭᠡᠵᠢᠯ ᠤᠨ ᠤᠷᠠᠯᠢᠭ ᠤᠨ ᠠᠵᠢᠯ ᠢ ᠬᠠᠮᠢᠶᠠᠷᠬᠤ᠂ ᠵᠢᠯᠣᠭᠤᠳᠬᠤ᠂ ᠲᠥᠯᠥᠪᠵᠢᠭᠦᠯᠬᠦ᠂ | ᠤᠷᠠᠯᠢᠭ ᠤᠨ ᠵᠣᠬᠢᠶᠠᠨ ᠪᠦᠲᠦᠭᠡᠯᠲᠡ ᠶᠢ ᠬᠠᠮᠢᠶᠠᠷᠤᠨ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠳᠡᠮᠵᠢᠨ᠎ᠡ᠃ ᠤᠳᠤᠷᠢᠳᠤᠮᠵᠢ ᠶᠢᠨ ᠴᠢᠨᠠᠷᠲᠠᠶ᠂ ᠲᠥᠯᠥᠭᠡᠯᠡᠬᠦ ᠴᠢᠨᠠᠷᠲᠠᠶ᠂ ᠵᠢᠱᠢᠶ᠎ᠡ | ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠨᠢ ᠡᠯ᠎ᠡ ᠲᠦᠷᠦᠯ ᠤᠨ | ᠤᠷᠠᠯᠢᠭ᠂ ᠡᠯ᠎ᠡ ᠤᠷᠠᠯᠢᠭ ᠤᠨ ᠲᠦᠷᠦᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠨᠠᠢᠮᠠ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ ᠠᠬᠢᠭᠤᠯᠤᠨ᠎ᠠ᠃ | ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ | ᠢᠨᠵᠧᠨᠧᠷᠢᠩ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ | ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ | ᠨᠡᠶᠢᠲᠡ ᠶᠢᠨ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠪᠠᠶᠢᠭᠤᠯᠤᠯᠲᠠ ᠪᠠ | ᠬᠥᠭᠵᠢᠯᠲᠡ ᠶᠢ ᠴᠢᠩᠭᠠᠳᠬᠠᠵᠤ᠂ ᠤᠯᠠᠨ ᠨᠡᠶᠢᠲᠡ ᠶᠢᠨ ᠥᠨᠳᠦᠰᠦᠨ ᠰᠣᠶᠣᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ᠃ | ︵ᠶᠢᠰᠦ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ | ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ | ᠪᠠᠳᠠᠷᠠᠭᠤᠯᠬᠤ ᠪᠠ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠦᠨᠳᠦᠰᠦᠲᠡᠨ ᠤ | ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠣᠯᠤᠨ ᠤᠯᠠᠮᠵᠢᠯᠠᠯᠲᠤ | ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠯᠣᠭᠤᠳᠤᠨ᠎ᠠ᠃ | ︵ᠠᠷᠪᠠ︶ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠂ ᠰᠣᠶᠣᠯ ᠤᠨ ᠥᠪ ᠬᠥᠷᠥᠩᠭᠡ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠠᠵᠢᠯ ᠢ ᠥᠷᠨᠢᠭᠦᠯᠵᠦ᠂ ᠪᠦᠬᠦ ᠲᠣᠭᠤᠷᠢᠭ ᠤᠨ ᠡᠯ᠎ᠡ ᠱᠠᠲᠤᠨ ᠤ ᠰᠣᠶᠣᠯ ᠤᠨ ᠥᠪ ᠢ ᠮᠡᠳᠡᠭᠦᠯᠬᠦ ᠪᠠ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠪᠦᠬᠦ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯ ᠪᠣᠯᠤᠨ ᠮᠦᠽᠧᠶ ᠶᠢᠨ ᠲᠤᠬᠠᠶᠢᠯᠠᠭᠰᠠᠨ | ᠠᠵᠢᠯ ᠤᠨ ᠠᠵᠢᠯ ᠢ ᠵᠢᠯᠣᠭᠤᠳᠴᠤ᠂ ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠪᠣᠯᠤᠨ ᠬᠠᠮᠵᠢᠯᠴᠠᠭ᠎ᠠ ᠶᠢ | ᠵᠣᠬᠢᠴᠠᠭᠤᠯᠤᠨ᠎ᠠ᠃ | ︵ᠠᠷᠪᠠᠨ ᠨᠢᠭᠡ︶ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠣᠶᠣᠯ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠠᠶᠤᠯ ᠦᠭᠡᠢ ᠦᠢᠯᠡᠳᠪᠦᠷᠢᠯᠡᠯ ᠪᠠ ᠵᠠᠬ᠎ᠠ | ᠳᠡᠯᠭᠡᠭᠦᠷ ᠤᠨ ᠡᠵᠡᠩᠨᠡᠯᠲᠡ ᠳᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ ᠰᠣᠶᠣᠯ᠂ | ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠣᠶᠣᠯ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠳᠦᠷᠢᠮᠵᠢᠭᠦᠯᠦᠨ᠎ᠡ᠃ | ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ | ᠬᠠᠮᠢᠶᠠᠷᠤᠨ᠎ᠠ᠃ | ︵ᠠᠷᠪᠠᠨ ᠬᠤᠶᠠᠷ︶ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠪᠦᠬᠦ | ᠲᠣᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠰᠢᠰᠲ᠋ᠧᠮ ᠤᠨ ᠭᠤᠤᠯᠳᠠᠯᠭ᠎ᠠ ᠲᠠᠢ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠪᠣᠯᠤᠨ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠨᠠᠢᠳᠠᠪᠤᠷᠢᠵᠢᠭᠤᠯᠬᠤ᠂ ᠤᠯᠤᠰ ᠤᠨ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ | ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠠᠵᠢᠯ ᠤᠨ ᠡᠩᠨᠡᠭᠡᠨ ᠤ ᠳᠦᠷᠢᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠢᠯᠣᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ | ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠠᠵᠢᠯ ᠢ ᠬᠢᠨᠠᠨ ᠬᠠᠮᠢᠶᠠᠷᠤᠨ᠎ᠠ᠃ | ︵ᠠᠷᠪᠠᠨ ᠳᠥᠷᠪᠡᠨ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠪᠠ | ᠪᠠᠶᠢᠷᠢᠰᠢᠯᠤᠭᠠ ᠶᠢ ᠰᠤᠳᠤᠯᠤᠨ ᠲᠥᠯᠥᠪᠵᠢᠭᠦᠯᠬᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠪᠡᠶ᠎ᠡ ᠶᠢᠨ ᠲᠠᠮᠢᠷ ᠤᠨ | ᠤᠷᠤᠯᠳᠤᠭᠠᠨ ᠢ ᠥᠷᠨᠢᠭᠦᠯᠵᠦ᠂ ᠲᠠᠮᠢᠷᠴᠢᠳ ᠤᠨ ᠡᠩᠨᠡᠭᠡ ᠶᠢᠨ ᠪᠠᠶᠢᠭᠤᠯᠤᠯᠲᠠ ᠪᠠ ᠠᠵᠢᠯ ᠤᠨ ᠴᠢᠯᠥᠭᠡᠨ ᠤ | ᠪᠣᠯᠪᠠᠰᠤᠷᠠᠯ ᠤᠨ ᠠᠵᠢᠯ ᠢ ᠴᠢᠩᠭᠠᠳᠬᠠᠨ᠎ᠠ᠃ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ | ᠵᠢᠴᠢ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠤᠯᠯᠠᠨ ᠡᠷᠬᠢᠯᠡᠬᠦ ᠶᠢ ᠬᠠᠷᠢᠭᠤᠴᠠᠨ᠎ᠠ᠃ | ︵ᠠᠷᠪᠠᠨ ᠲᠠᠪᠤ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ ᠵᠢᠯᠣᠭᠤᠳᠬᠤ | ᠪᠠ ᠲᠦᠯᠬᠢᠨ ᠠᠬᠢᠭᠤᠯᠤᠨ᠎ᠠ᠃ | ︵ᠠᠷᠪᠠᠨ ᠵᠢᠷᠭᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |