︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠬᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠨ ᠶᠢᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ | ︵ᠬᠤᠶᠠᠷ︶ ᠵᠠᠬᠢᠳᠠᠯ ᠴᠢᠮᠡᠭᠡ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠳᠡᠭᠡᠷ᠎ᠡ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠤᠳᠤᠷᠢᠳᠬᠤ ᠨᠥᠬᠦᠳ ᠤᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠤᠴᠢᠷ ᠢ ᠳᠠᠭᠠᠭᠠᠴᠢᠯᠠᠨ ᠠᠪᠴᠤ | ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠴᠢᠷ ᠢ ᠬᠦᠯᠢᠶᠡᠨ ᠠᠪᠴᠤ ᠰᠢᠢᠳᠪᠦᠷᠢᠯᠡᠬᠦ ᠪᠠ | ᠬᠦᠢᠴᠡᠳᠭᠡᠬᠦ ᠠᠵᠢᠯ ᠢ ᠬᠠᠷᠢᠭᠤᠴᠠᠨ᠎ᠠ᠃ ᠠᠰᠠᠭᠤᠨ ᠰᠤᠷᠠᠭᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ | ᠠᠪᠬᠤ ᠠᠵᠢᠯ ᠢ ᠬᠠᠷᠢᠭᠤᠴᠠᠨ᠎ᠠ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠵᠠᠬᠢᠳᠠᠯ ᠰᠤᠷᠪᠤᠯᠵᠢᠯᠠᠭ᠎ᠠ ᠶᠢᠨ | ᠤᠳᠠᠰᠤ ᠶᠢ ᠬᠦᠯᠢᠶᠠᠨ ᠠᠪᠬᠤ᠂ ᠵᠣᠬᠢᠶᠠᠨ ᠪᠠᠶᠢᠭᠤᠯᠤᠨ ᠰᠢᠢᠳᠪᠦᠷᠢᠯᠡᠬᠦ ᠪᠠ ᠬᠠᠷᠢᠭᠤᠯᠲᠠ ᠥᠭᠬᠦ ᠵᠡᠷᠭᠡ ᠠᠵᠢᠯ ᠢ | ᠬᠠᠷᠢᠭᠤᠴᠠᠨ᠎ᠠ᠃ | ︵ᠭᠤᠷᠪᠠ︶ ᠵᠠᠬᠢᠳᠠᠯ ᠰᠤᠷᠪᠤᠯᠵᠢᠯᠠᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠭᠡᠷᠡᠭ ᠤᠴᠢᠷ ᠢ ᠰᠢᠯᠵᠢᠭᠦᠯᠦᠨ ᠰᠢᠢᠳᠪᠦᠷᠢᠯᠡᠬᠦ᠂ ᠲᠤᠰᠢᠶᠠᠨ ᠦᠭᠴᠤ ᠰᠢᠢᠳᠪᠦᠷᠢᠯᠡᠬᠦᠯᠬᠦ | ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠤᠴᠢᠷ ᠢ ᠬᠦᠢᠴᠡᠳᠭᠡᠭᠰᠡᠨ ᠪᠠᠶᠢᠳᠠᠯ ᠢ ᠬᠢᠨᠠᠨ | ᠪᠠᠶᠢᠴᠠᠭᠠᠵᠤ᠂ ︽ᠭᠤᠷᠪᠠ ᠠᠯᠤᠰᠯᠠᠵᠤ ᠭᠤᠷᠪᠠ ᠶᠢ ᠰᠠᠯᠭᠠᠬᠤ︾ ︵ᠭᠠᠵᠠᠷ ᠤᠷᠤᠨ ᠠᠯᠤᠰᠬᠤ᠂ ᠰᠠᠯᠠᠭ᠎ᠠ ᠮᠦᠴᠢᠷ | ᠠᠯᠤᠰᠯᠠᠬᠤ᠂ ᠲᠤᠬᠠᠶᠢᠯᠠᠭᠰᠠᠨ ᠠᠵᠢᠯ ᠠᠯᠤᠰᠬᠤ︔ ᠬᠦᠮᠦᠨ ᠭᠡᠷᠡᠭ ᠤᠴᠢᠷ ᠢ ᠰᠠᠯᠭᠠᠬᠤ᠂ ᠬᠦᠮᠦᠨ ᠡᠷᠦᠭᠡ ᠶᠢ | ᠰᠠᠯᠭᠠᠬᠤ᠂ ᠬᠦᠮᠦᠨ ᠭᠡᠷᠡᠭ ᠤᠴᠢᠷ ᠡᠷᠦᠭᠡ ᠶᠢ ᠰᠠᠯᠭᠠᠬᠤ ᠵᠡᠷᠭᠡ︶ ᠰᠤᠷᠪᠤᠯᠵᠢᠯᠠᠭ᠎ᠠ ᠶᠢᠨ ᠭᠡᠷᠡᠭ ᠤᠴᠢᠷ ᠢ | ᠵᠤᠬᠢᠴᠠᠭᠤᠯᠤᠨ ᠱᠠᠭᠠᠷᠳᠠᠵᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠨ᠎ᠠ᠃ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠳᠦᠷᠢᠮ᠂ ᠨᠠᠮ ᠵᠠᠰᠠᠭ ᠤᠨ | ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠳᠤ ᠵᠠᠳᠠᠯᠤᠯᠲᠠ ᠬᠢᠵᠦ᠂ ᠲᠤᠷᠰᠢᠯᠭ᠎ᠠ ᠪᠠᠨ ᠳ᠋ᠦᠩᠨᠡᠵᠦ | ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠠᠨᠠᠯ ᠪᠠ ᠰᠠᠨᠠᠭᠤᠯᠭ᠎ᠠ ᠳᠤᠷᠠᠳᠬᠤ ᠶᠢ | ᠬᠠᠷᠢᠭᠤᠴᠠᠨ᠎ᠠ᠃ | ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ | ᠶᠢᠨ ᠬᠠᠤᠯᠢᠭᠵᠢᠭᠰᠠᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ | ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ | ᠵᠢᠯᠣᠭᠤᠳᠤᠨ᠎ᠠ᠃ | ︵ᠵᠢᠷᠭᠤᠭ᠎ᠠ︶ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠮᠳᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠬᠥᠯᠥᠨ | ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠬᠤᠷᠠᠯᠳᠤᠭᠠᠨ ᠤ ᠠᠯᠪᠠᠨ ᠭᠡᠷ ᠤᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠱᠠᠯᠠᠪᠳᠠᠭᠤᠯᠤᠨ ᠪᠠᠶᠢᠴᠠᠭᠠᠯᠳᠠ ᠬᠢᠨ᠎ᠠ᠃ | ︵ᠳᠣᠯᠤᠭ᠎ᠠ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨᠪᠤᠯᠤᠨ ᠳᠡᠭᠡᠷ᠎ᠡ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |