︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ | ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠯᠥᠨ ᠪᠤᠶᠢᠷ ᠬᠤᠲᠠ ᠶᠢᠨ | ᠨᠢᠭᠡᠳᠤᠯᠳᠡᠢ ᠲᠦᠯᠦᠪᠯᠡᠯᠬᠡᠨ ᠤ ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠯᠳᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ | ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠡ᠃ | ︵ᠬᠤᠶᠠᠷ︶ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠦᠩᠬᠦᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠤᠭᠤᠷᠢᠭ ᠤᠨ ᠡᠮ | ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠦᠩᠬᠦ ᠶᠢᠨ ᠲᠦᠰᠦᠪ ᠤᠨ ᠬᠦᠢᠴᠡᠳᠭᠡᠯ ᠲᠥᠰᠦᠯ ᠢ ᠨᠠᠶᠢᠷᠠᠭᠤᠯᠤᠨ | ᠲᠤᠭᠳᠠᠭᠠᠵᠤ᠂ ᠡᠮ ᠡᠮᠨᠡᠯᠬᠡ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ ᠲᠥᠰᠦᠭᠡᠯᠡᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ | ︵ᠭᠤᠷᠪᠠ︶ ᠡᠮ ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠠᠵᠢᠯ ᠢ ᠬᠠᠷᠢᠭᠤᠴᠠᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠯᠥᠨ ᠪᠤᠶᠢᠷ ᠬᠤᠲᠠ ᠶᠢᠨ ᠨᠢᠭᠡᠳᠦᠯᠲᠡᠶ | ᠲᠦᠯᠦᠪᠯᠡᠯᠬᠡᠨ ᠤ ᠲᠣᠭᠤᠷᠢᠭ ᠤᠨ ᠬᠤᠲᠠ ᠬᠥᠳᠡᠭᠡ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠣᠯᠭᠤᠮᠵᠢ ᠶᠢᠨ | ᠪᠠᠷᠢᠮᠵᠢᠶ᠎ᠠ ᠶᠢ ᠬᠡᠷᠡᠭᠵᠢᠭᠦᠯᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠳᠤ ᠲᠣᠬᠢᠷᠠᠭᠰᠠᠨ ᠣᠯᠭᠤᠮᠵᠢ ᠶᠢᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠥᠯᠥᠨ ᠪᠤᠶᠢᠷ ᠬᠤᠲᠠ ᠶᠢᠨ ᠣᠷᠳᠣ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ | ᠨᠠᠶᠢᠳᠠᠪᠤᠷᠢᠵᠢᠭᠤᠯᠤᠨ᠎ᠠ᠃ | ︵ᠲᠦᠷᠪᠡ︶ ᠡᠮ ᠡᠮᠨᠡᠯᠬᠡ ᠶᠢᠨ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯᠡᠰ᠂ ᠡᠮᠨᠡᠯᠭᠡ ᠳᠤ ᠬᠡᠷᠡᠭᠯᠡᠬᠦ ︵ᠬᠤᠷᠤᠭᠳᠠᠯ︶ ᠮᠠᠲ᠋ᠧᠷᠢᠶᠠᠯ᠂ ᠡᠮ | ᠡᠮᠨᠡᠯᠭᠡ ᠶᠢᠨ ᠦᠢᠯᠡᠴᠢᠯᠡᠬᠡᠨ ᠤ ᠲᠥᠷᠥᠯ ᠵᠦᠢᠯ᠂ ᠡᠮ ᠡᠮᠨᠡᠯᠭᠡ ᠶᠢᠨ ᠦᠢᠯᠡᠴᠢᠯᠡᠬᠡᠨ ᠤ ᠪᠡᠯᠡᠳᠬᠡᠮᠵᠢ ᠵᠡᠷᠭᠡ ᠡᠮ | ᠡᠮᠨᠡᠯᠭᠡ ᠶᠢᠨ ᠳᠠᠭᠠᠳᠬᠠᠯ ᠤᠨ ᠭᠠᠷᠴᠠᠭ ᠪᠠ ᠥᠭᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ | ᠲᠦᠷᠢᠮ ᠢ ᠬᠡᠷᠡᠭᠵᠢᠬᠦᠯᠦᠨ᠎ᠡ᠃ | ︵ᠲᠠᠪᠤ︶ ᠡᠮ ᠡᠮᠨᠡᠯᠬᠡ ᠶᠢᠨ ᠦᠢᠯᠡᠴᠢᠯᠡᠬᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠤᠯᠤᠰ ᠤᠨ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ︵ᠬᠤᠷᠤᠭᠳᠠᠯ︶ ᠮᠠᠲ᠋ᠧᠷᠢᠶᠠᠯ ᠤᠨ ᠦᠨ᠎ᠡ | ᠬᠠᠩᠰᠢ ᠶᠢᠨ ᠲᠥᠷᠥ ᠶᠢᠨ ᠪᠣᠳᠣᠯᠭ᠎ᠠ ᠪᠠ ᠬᠥᠯᠥᠨ ᠪᠤᠶᠢᠷ ᠬᠤᠲᠠ ᠶᠢᠨ ᠡᠮ ᠡᠮᠨᠡᠯᠬᠡ ᠶᠢᠨ ᠦᠢᠯᠡᠴᠢᠯᠡᠬᠡᠨ ᠤ | ᠲᠥᠷᠥᠯ ᠵᠦᠢᠯ᠂ ᠡᠮ ᠡᠮᠨᠡᠯᠭᠡ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠰᠦᠢᠳᠭᠡᠯ ᠬᠤᠷᠢᠶᠠᠬᠤ ᠵᠡᠷᠭᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠯᠥᠨ ᠪᠤᠶᠢᠷ ᠬᠤᠲᠠ ᠶᠢᠨ ᠲᠣᠭᠲᠠᠭᠠᠭᠰᠠᠨ ᠡᠮ | ᠡᠮᠨᠡᠯᠭᠡ ᠶᠢᠨ ᠳᠠᠭᠠᠳᠬᠠᠯ ᠤᠨ ᠦᠭᠴᠡᠭᠡ᠂ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢ ᠬᠡᠷᠡᠭᠵᠢᠭᠦᠯᠵᠦ᠂ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠳᠡᠭᠡ | ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ︵ᠵᠢᠷᠭᠤᠭ᠎ᠠ︶ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠥᠯᠥᠨ ᠪᠤᠶᠢᠷ ᠬᠤᠲᠠ ᠶᠢᠨ ᠨᠢᠭᠡᠳᠦᠯᠲᠡᠢ ᠲᠦᠯᠦᠪᠯᠡᠯᠭᠡᠨ ᠤ ᠲᠣᠭᠤᠷᠢᠭ ᠤᠨ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠦᠭᠴᠡᠭᠡ ᠬᠢᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ | ᠡᠮ ᠡᠮᠨᠡᠯᠬᠡ ᠶᠢᠨ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠠᠶᠢᠳᠡᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠬᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ | ᠡᠮ ᠡᠮᠨᠡᠯᠬᠡ ᠶᠢᠨ ᠦᠢᠯᠡᠴᠢᠯᠡᠭᠡ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮ ᠡᠮᠨᠡᠯᠭᠡ ᠶᠢᠨ | ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠡᠮ ᠡᠮᠨᠡᠯᠭᠡ ᠶᠢᠨ ᠪᠠᠲᠤᠯᠠᠭ᠎ᠠ ᠶᠢ ᠭᠠᠷᠲᠠᠨ ᠬᠦᠢᠴᠡᠳᠭᠡᠬᠦ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠢᠯᠡᠴᠢᠯᠡᠬᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠬᠥᠯᠥᠨ | ᠪᠤᠶᠢᠷ ᠬᠤᠲᠠ ᠶᠢᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ | ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ | ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃ | ︵ᠨᠠᠢᠮᠠᠨ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠷ᠎ᠡ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠬᠦᠯᠦᠨ᠎ᠡ᠃ | ︵ᠶᠢᠰᠦ︶ ᠡᠭᠦᠷᠭᠡ ᠬᠠᠷᠢᠭᠤᠴᠠᠯᠭ᠎ᠠ ᠶᠢ ᠬᠤᠪᠢᠷᠠᠭᠤᠯᠤᠨ᠎ᠠ᠃ ᠬᠥᠯᠥᠨ ᠪᠤᠶᠢᠷ ᠬᠤᠲᠠ ᠶᠢᠨ ᠨᠢᠭᠡᠳᠦᠯᠲᠡᠶ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ | ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠬᠤᠲᠠ ᠬᠥᠳᠡᠭᠡ ᠶᠢᠨ ᠣᠨᠴᠠ ᠬᠦᠴᠢᠷᠳᠡᠯᠳᠠᠢ ᠪᠤᠯᠤᠨ ᠲᠤᠤᠷ᠎ᠠ | ᠪᠠᠳᠤᠯᠭᠠᠳᠤ ᠣᠯᠠᠨ ᠲᠦᠮᠡᠨ ᠤ ᠬᠦᠨᠳᠦ ᠡᠪᠡᠳᠴᠢᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠪᠣᠯᠤᠨ | ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠣᠭᠲᠠᠭᠠᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠠᠷᠠᠳ ᠢ | ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭᠠᠳᠤ ᠡᠮ ᠡᠮᠨᠡᠯᠭᠡ ᠶᠢᠨ | ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠵᠦᠶ | ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠶᠢ ᠦᠨᠡᠨᠬᠦ ᠪᠠᠲᠤᠯᠠᠵᠤ᠂ ᠡᠮ ᠡᠮᠨᠡᠯᠭᠡ᠂ ᠡᠮ ᠡᠮᠨᠡᠯᠭᠡ ᠶᠢᠨ | ᠳᠠᠭᠠᠳᠬᠠᠯ᠂ ᠡᠮ ᠡᠮᠴᠢᠯᠡᠭᠡ ᠶᠢᠨ ︽ᠭᠤᠷᠪᠠᠨ ᠳᠠᠯ᠎ᠠ ᠶᠢᠨ ᠬᠤᠯᠪᠣᠭᠠᠯᠠᠨ ᠬᠦᠳᠡᠯᠦᠯᠴᠡᠬᠦ︾ ᠥᠭᠡᠷᠡᠴᠢᠯᠡᠯᠲᠡ ᠶᠢ | ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠳᠤᠷ ᠪᠠᠲᠤᠯᠠᠵᠤ᠂ ᠡᠮ | ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | ︵ᠠᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠠᠷᠢᠭᠤᠴᠠᠨ᠎ᠠ᠃ | ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠴᠢᠯᠡᠭᠡ | ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠨ᠂ ᠤᠶᠢᠯᠠᠭᠠᠯᠴᠨᠨ | ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ | ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ |