︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ | ᠣᠷᠣᠨ᠂ ᠬᠥᠯᠥᠨ ᠪᠣᠶᠢᠷ ᠬᠤᠲᠠ ᠶᠢᠨ ᠬᠠᠤᠯᠢ ᠴᠠᠭᠠᠵᠠ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠭᠡᠷᠡᠭᠵᠢᠬᠦᠯᠦᠨ᠎ᠡ᠃ ᠪᠦᠬᠦ ᠳᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ | ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ | ᠪᠠ ᠲᠦᠪᠯᠡᠷᠡᠬᠦᠯᠦᠨ ᠬᠤᠳᠠᠯᠳᠤᠨ ᠠᠪᠬᠤ ᠶᠢ ᠣᠷᠣᠯᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠠᠵᠢᠯ ᠤᠨ | ᠲᠥᠯᠥᠪᠯᠡᠭᠡ᠂ ᠲᠥᠬᠦᠷ ᠳᠦᠷᠢᠮ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ | ᠪᠠᠷᠢᠮᠵᠢᠶᠠᠯᠠᠨ ᠲᠤᠰᠢᠶᠠᠬᠤ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠣᠭᠤᠷᠢᠭ ᠤᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠪᠠᠯᠭᠠᠰᠤ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠬᠤᠶᠠᠷ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠂ ᠴᠢᠬᠤᠯᠠ ᠳᠣᠮᠣ | ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠴᠤ᠂ | ᠳᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠪᠠᠯᠭᠠᠰᠤ᠂ ᠠᠯᠪᠠᠨ ᠬᠡᠷ ᠢᠶᠠᠷ ᠬᠠᠮᠢᠶ᠎ᠠ ᠪᠥᠬᠦᠶ | ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠰᠢᠮᠳᠠᠭᠤᠯᠤᠨ᠎ᠠ᠃ | ︵ᠭᠤᠷᠪᠠ︶ ᠪᠦᠬᠦ ᠳᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ | ᠪᠦᠬᠦ ᠳᠣᠭᠤᠷᠢᠭ ᠤᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠪᠠᠷᠢᠮᠵᠢᠶᠠᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠬᠢᠴᠠ ᠶᠢ ᠰᠢᠯᠢᠳᠡᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠪᠦᠬᠦ ᠳᠣᠭᠤᠷᠢᠭ ᠤᠨ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠣᠯᠳᠠ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢᠨ ᠠᠵᠢᠯ ᠢ ᠶᠠᠪᠤᠭᠤᠯᠵᠤ᠂ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠨ᠎ᠠ᠃ | ︵ᠲᠦᠷᠪᠡ︶ ᠳᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ | ᠠᠵᠢᠯ ᠢ ᠨᠢᠭᠡᠳᠦᠯᠳᠡᠢ ᠲᠥᠯᠥᠪᠯᠡᠨ ᠵᠢᠯᠣᠭᠤᠳᠤᠨ᠎ᠠ᠃ ᠬᠥᠯᠥᠨ ᠪᠣᠶᠢᠷ ᠬᠤᠲᠠ ᠶᠢᠨ ᠨᠢᠭᠡ ᠴᠣᠭᠴᠠᠵᠢᠭᠤᠯᠤᠭᠰᠠᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠦᠯᠦᠪᠵᠢᠬᠦᠯᠬᠡ᠂ ᠵᠣᠬᠢᠶᠠᠨ | ᠪᠠᠶᠢᠭᠤᠯᠤᠨ ᠠᠬᠢᠭᠤᠯᠬᠤ᠂ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠨ ᠵᠢᠯᠣᠭᠤᠳᠬᠤ᠂ ᠪᠦᠲᠦᠭᠡᠨ ᠪᠠᠶᠢᠭᠤᠯᠬᠤ | ᠠᠵᠢᠯ ᠤᠨ ᠲᠥᠯᠥᠪᠵᠢᠭᠦᠯᠭᠡ ᠳᠤ ᠬᠠᠮᠵᠢᠯᠴᠠᠨ᠎ᠠ᠃ ᠪᠦᠬᠦ ᠳᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠶᠢᠨ ᠬᠢᠨᠠᠨ ᠬᠠᠮᠢᠶᠠᠷᠴᠤ᠂ ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ | ᠪᠦᠲᠦᠭᠡᠨ ᠪᠠᠶᠢᠭᠤᠯᠤᠯᠲᠠ ᠶᠢᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠢ | ᠵᠣᠬᠢᠴᠠᠭᠤᠯᠤᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ ᠤ | ᠠᠵᠢᠯᠯᠠᠬᠤ ᠲᠣᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠣᠯᠳᠠ ᠵᠢᠴᠢ ᠳᠡᠭᠡᠷ᠎ᠡ ᠳᠣᠣᠷᠠᠳᠤ | ᠱᠠᠲᠤᠨ ᠤ ᠵᠠᠰᠠᠭ ᠤᠨ ᠣᠷᠳᠣᠨ ᠯᠤᠭ᠎ᠠ ᠶᠢᠨ ᠲᠣᠤᠷ ᠰᠦᠯᠵᠢᠶᠡᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠠᠵᠢᠯ ᠢ ᠬᠠᠷᠢᠭᠤᠴᠠᠨ᠎ᠠ᠃ ᠪᠥᠬᠦ ᠳᠣᠭᠤᠷᠢᠭ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠲᠠᠪᠤ︶ ᠳᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠢ ᠵᠢᠯᠣᠭᠤᠳᠬᠤ᠂ ᠵᠣᠬᠢᠴᠠᠭᠤᠯᠬᠤ᠂ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠦᠬᠦ ᠳᠣᠭᠤᠷᠢᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠢ | ᠵᠢᠯᠣᠭᠤᠳᠤᠨ᠎ᠠ᠃ ᠬᠥᠯᠥᠨ ᠪᠤᠶᠢᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ᠂ | ᠬᠠᠮᠢᠶᠠᠷᠤᠯᠲᠠ ᠶᠢᠨ ᠲᠦᠷᠢᠮ ᠪᠠ ᠲᠤᠬᠠᠶᠢᠯᠠᠭᠰᠠᠨ ᠠᠵᠢᠯ ᠤᠨ ᠲᠦᠷᠢᠮ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨ ᠢᠶᠠᠷ ᠬᠢᠨᠠᠨ ᠪᠠᠶᠢᠴᠠᠭᠠᠬᠤ ᠠᠵᠢᠯ ᠢ ᠶᠠᠪᠣᠭᠳᠠᠭᠤᠯᠣᠨ᠎ᠠ᠃ ᠬᠠᠮᠢᠶ᠎ᠠ | ᠪᠦᠬᠦᠢ ᠠᠵᠢᠯ ᠲᠥᠷᠥᠯ ᠤᠨ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠬᠥᠯᠥᠨ ᠪᠣᠶᠢᠷ ᠬᠤᠲᠠ ᠶᠢᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠥᠮᠥᠷᠭᠡ ᠪᠠ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠪᠦᠲᠦᠭᠡᠨ ᠪᠠᠶᠢᠭᠤᠯᠬᠤ᠂ ᠬᠠᠮᠲᠤ ᠪᠠᠷ ᠡᠳ᠋ᠯᠡᠬᠦ ᠪᠠ | ᠢᠲᠡᠭᠡᠮᠵᠢ ᠶᠢᠨ ᠬᠠᠮᠢᠶᠠᠷᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠦᠨᠳᠣ | ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ | ︵ᠳᠣᠯᠤᠭ᠎ᠠ︶ ᠪᠦᠬᠦ ᠳᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶ᠎ᠠ ᠶᠢᠨ ᠠᠵᠢᠯ ᠢ | ᠵᠢᠯᠣᠭᠤᠳᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶ᠎ᠠ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠭᠡᠷᠡᠭᠵᠢᠬᠦᠯᠦᠨ᠎ᠡ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠡᠯᠧᠺᠲᠷᠣᠨ ᠢᠶᠠᠷ ᠬᠢᠨᠠᠨ ᠪᠠᠶᠢᠴᠠᠭᠠᠬᠤ ᠠᠵᠢᠯ ᠢ ᠬᠢᠨ᠎ᠡ᠃ ᠬᠥᠯᠥᠨ | ᠪᠣᠶᠢᠷ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠭᠤᠣᠯ ᠴᠣᠭᠴᠠ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠪᠠ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠪᠠ | ᠬᠠᠮᠲᠤ ᠪᠠᠷ ᠡᠳ᠋ᠯᠡᠬᠦ ᠳᠤ ᠣᠷᠣᠯᠴᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠥᠷᠨᠢᠭᠦᠯᠦᠨ᠎ᠡ᠃ | ︵ᠨᠠᠢᠮᠠ︶ ᠳᠣᠭᠤᠷᠢᠭ ᠤᠨ ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢᠨ ᠲᠢᠩᠬᠢᠮ ᠤᠨ ᠠᠵᠢᠯᠯᠠᠭᠠᠨ ᠤ | ᠠᠵᠢᠯ ᠢ ᠵᠢᠯᠣᠭᠤᠳᠤᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠢ ᠬᠦᠢᠴᠡᠳᠭᠡᠬᠦ ᠶᠢ | ᠵᠣᠬᠢᠶᠠᠨ ᠪᠠᠶᠢᠭᠤᠯᠤᠨ ᠵᠣᠬᠢᠴᠠᠭᠤᠯᠵᠦ᠂ ᠬᠢᠨᠠᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ | ᠴᠢᠨᠠᠷ ᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ︵ᠶᠢᠰᠦ︶ ᠪᠦᠬᠦ ᠳᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠡᠯᠧᠺᠲᠷᠣᠨ ᠵᠠᠰᠠᠭ ᠤᠨ ᠶᠠᠪᠤᠳᠠᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠪᠣᠯᠤᠨ | ᠲᠥᠪᠯᠡᠷᠡᠭᠦᠯᠦᠨ ᠬᠤᠳᠠᠯᠳᠣᠨ ᠠᠪᠬᠤ ᠶᠢ ᠣᠷᠣᠯᠠᠨ ᠬᠦᠢᠴᠡᠳᠭᠡᠬᠦ ᠠᠵᠢᠯ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠣᠯᠤᠨ ᠵᠢᠯ ᠤᠨ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠤᠯᠪᠣᠭᠳᠠᠯ ᠪᠦᠬᠦᠢ ᠯᠠᠪᠯᠠᠭ᠎ᠠ ᠥᠭᠬᠦ᠂ ᠵᠠᠭᠠᠯᠳᠤᠬᠤ᠂ | ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠴᠤ ᠰᠢᠳᠪᠦᠷᠢᠯᠡᠨ᠎ᠡ᠃ | ︵ᠠᠷᠪᠠ︶ ᠳᠣᠭᠤᠷᠢᠭ ᠤᠨ ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ ᠠᠵᠢᠯ ᠢ ᠬᠠᠷᠢᠭᠤᠴᠠᠨ | ᠵᠢᠯᠣᠭᠤᠳᠴᠤ ᠲᠦᠯᠬᠢᠨ ᠠᠬᠢᠭᠤᠯᠣᠨ᠎ᠠ᠃ | ︵ᠠᠷᠪᠠᠨ ᠨᠢᠭᠡ︶ ᠳᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |