︵ᠨᠢᠭᠡ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠢ ᠵᠣᠬᠢᠶᠠᠨ ᠪᠠᠶᠢᠭᠤᠯᠤᠯᠲᠠ | ᠲᠠᠢ᠂ ᠲᠥᠯᠥᠪᠵᠢᠭᠦᠯᠭᠡ ᠲᠠᠢ ᠪᠠᠶᠢᠷᠢᠯᠠᠭᠤᠯᠣᠨ᠎ᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠨ | ᠰᠠᠶᠢᠵᠢᠷᠠᠭᠤᠯᠬᠤ ᠲᠤᠬᠠᠶ ᠰᠠᠨᠠᠯ ᠪᠠ ᠰᠠᠨᠠᠭᠤᠯᠭ᠎ᠠ ᠳᠣᠷᠠᠳᠴᠣ᠂ ᠠᠵᠢᠯ ᠤᠨ ᠲᠥᠯᠥᠪᠵᠢᠭᠦᠯᠭᠡ ᠶᠢ ᠰᠤᠳᠤᠯᠤᠨ | ᠲᠣᠭᠲᠠᠭᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ | ︵ᠬᠤᠶᠠᠷ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠤᠯᠤᠰ ᠲᠥᠷᠥ ᠶᠢᠨ | ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ | ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ | ᠢᠯᠵᠠᠷᠠᠯ ᠢ ᠡᠰᠡᠷᠭᠦᠴᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠭᠡᠷᠡᠭᠵᠢᠬᠦᠯᠦᠨ᠎ᠡ᠃ | ︵ᠭᠤᠷᠪᠠ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠪᠣᠯᠤᠨ ᠨᠠᠮ ᠤᠨ | ᠠᠵᠢᠯ ᠤᠨ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠬᠠᠷᠢᠭᠤᠴᠠᠵᠤ᠂ ᠲᠣᠭᠤᠷᠢᠭ ᠤᠨ ᠰᠢᠭᠤᠳ ᠬᠠᠷᠢᠶ᠎ᠠ | ᠪᠠᠶᠢᠭᠤᠯᠤᠯᠭ᠎ᠠ ᠶᠢᠨ ᠨᠠᠮ ᠤᠨ ᠠᠵᠢᠯ ᠤᠨ ᠺᠠᠳ᠋ᠷ ᠪᠣᠯᠤᠨ ᠨᠠᠮ ᠤᠨ ᠡᠭᠦᠷ ᠤᠨ ᠱᠦᠵᠢ᠂ ᠴᠢᠬᠤᠯᠠ ᠠᠵᠢᠯᠲᠠᠨ ᠢ | ᠡᠭᠡᠯᠵᠢᠯᠡᠨ ᠪᠣᠯᠪᠠᠰᠣᠷᠠᠭᠤᠯᠣᠨ᠎ᠠ᠃ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠢ ᠵᠢᠯᠣᠭᠤᠳᠤᠨ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠭᠤᠯᠣᠨᠠ᠃ | ︵ᠲᠦᠷᠪᠡ︶ ᠳᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠣᠭᠤᠷᠢᠭ ᠤᠨ | ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠬᠢᠨᠠᠨ ᠪᠠᠶᠢᠴᠠᠭᠠᠬᠤ ᠪᠠ ᠵᠢᠯᠣᠭᠤᠳᠬᠤ ᠠᠵᠢᠯ ᠢ ᠰᠠᠶᠢᠲᠤᠷ ᠠᠳᠬᠤᠨ᠎ᠠ᠃ | ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠳᠠᠨ ᠤ ᠦᠵᠡᠯ ᠰᠠᠨᠠᠭᠠᠨ ᠤ ᠪᠠᠶᠢᠳᠠᠯ ᠢ ᠣᠶᠢᠯᠭᠠᠵᠦ᠂ | ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠣᠯᠳᠠ ᠶᠢᠨ ᠦᠵᠡᠯ ᠰᠠᠨᠠᠭ᠎ᠠ | ᠣᠯᠣᠰ ᠲᠦᠷᠦ ᠶᠢᠨ ᠠᠵᠢᠯ ᠪᠠ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠵᠢᠯ ᠢ ᠴᠢᠩᠭᠠᠳᠬᠠᠨ᠎ᠠ᠃ | ︵ᠲᠠᠪᠤ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠣᠳᠠᠲᠠᠶ ᠪᠠᠶᠢᠷᠢᠯᠠᠭᠤᠯᠬᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠲᠦᠷᠢᠮ ᠢ ᠵᠢᠷᠤᠮᠯᠠᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠵᠦ ᠰᠢᠯᠭᠠᠨ ᠪᠠᠶᠢᠴᠠᠭᠠᠬᠤ | ᠶᠢᠨ ᠬᠠᠮᠳᠣ ᠬᠠᠮᠲᠤ ᠲᠣᠭᠤᠷᠢᠭ ᠤᠨ ᠨᠠᠮ ᠤᠨ ᠬᠤᠷᠢᠶ᠎ᠠ ᠳᠤ ᠮᠡᠳᠡᠬᠦᠯᠦᠨ᠎ᠡ᠃ ᠲᠣᠭᠤᠷᠢᠭ ᠤᠨ ᠰᠢᠭᠤᠳ ᠬᠠᠷᠢᠶ᠎ᠠ | ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠪᠠᠶᠢᠭᠤᠯᠣᠯᠳᠠ ᠶᠢ ᠵᠣᠬᠢᠶᠠᠨ ᠪᠠᠶᠢᠭᠤᠯᠤᠨ ᠨᠠᠮ ᠤᠨ ᠬᠡᠰᠢᠬᠦᠨ | ᠣᠳᠣᠷᠢᠳᠣᠬᠤ ᠺᠠᠳ᠋ᠷ ᠲᠤ ᠬᠢᠨᠠᠯᠳᠠ ᠬᠠᠮᠢᠶᠠᠷᠣᠯᠳᠠ ᠶᠠᠪᠣᠭᠤᠯᠵᠦ᠂ ᠳᠣᠭᠤᠷᠢᠭ ᠤᠨ ᠨᠠᠮ ᠤᠨ ᠬᠤᠷᠢᠶᠠᠨ ᠳᠤ ᠡᠯ᠎ᠡ | ᠰᠠᠯᠠᠭ᠎ᠠ ᠮᠥᠴᠢᠷ ᠤᠨ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠪᠠᠶᠢᠳᠠᠯ ᠢ ᠳᠣᠰᠬᠠᠨ᠎ᠠ᠃ | ︵ᠵᠢᠷᠭᠤᠭ᠎ᠠ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ | ᠪᠦᠬᠦᠢ ᠠᠵᠢᠯ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠤᠭᠤᠴᠠᠭ᠎ᠠ ᠰᠣᠯᠢᠬᠤ ᠠᠵᠢᠯ ᠢ ᠵᠢᠭᠠᠨ ᠵᠢᠯᠣᠭᠤᠳᠴᠣ᠂ ᠨᠠᠮ ᠤᠨ ᠭᠡᠰᠢᠭᠦᠨ ᠤ ᠶᠡᠭᠡ ᠬᠤᠷᠠᠯ ᠪᠤᠶᠤ ᠨᠠᠮ ᠤᠨ | ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ ᠵᠢᠭᠠᠪᠤᠷᠢ ᠠᠪᠬᠤ ᠶᠢ ᠬᠢᠨᠠᠨ | ᠵᠥᠪᠰᠢᠶᠡᠷᠡᠨ᠎ᠡ᠃ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠤᠨ ᠪᠦᠷᠢᠯᠳᠦᠬᠦᠨ ᠵᠢᠴᠢ ᠱᠦᠵᠢ᠂ ᠳᠡᠳ᠋ ᠱᠦᠵᠢ ᠶᠢ ᠳᠣᠮᠢᠯᠠᠵᠦ ᠪᠠᠭᠤᠯᠭᠠᠬᠤ ᠶᠢ ᠬᠢᠨᠠᠨ | ᠵᠥᠪᠰᠢᠶᠡᠷᠡᠨ᠎ᠡ᠃ | ︵ᠳᠣᠯᠤᠭ᠎ᠠ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠬᠦᠨ ᠢ ᠬᠥᠭᠵᠢᠭᠦᠯᠬᠦ᠂ ᠬᠥᠮᠦᠵᠢᠭᠦᠯᠬᠦ ᠪᠠ ᠬᠠᠮᠢᠶᠠᠷᠬᠤ | ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠰᠦᠢᠳᠭᠡᠯ ᠳᠣᠰᠢᠶᠠᠬᠤ᠂ ᠬᠤᠷᠢᠶᠠᠨ ᠠᠪᠬᠤ᠂ ᠬᠡᠷᠡᠭᠯᠡᠬᠦ ᠪᠠ ᠬᠠᠮᠢᠶᠠᠷᠬᠤ | ᠠᠵᠢᠯ ᠢ ᠰᠠᠶᠢᠲᠤᠷ ᠬᠢᠨ᠎ᠡ᠃ | ︵ᠨᠠᠢᠮᠠ︶ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠣᠯᠳᠠ ᠶᠢ ᠰᠠᠶᠢᠲᠤᠷ ᠠᠳᠬᠤᠨ᠎ᠠ᠃ | ︵ᠶᠢᠰᠦ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠵᠡᠷᠭᠡ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠴᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠴᠣ᠂ ᠨᠠᠮ ᠤᠨ ᠣᠯᠠᠨ ᠲᠦᠮᠡᠨ ᠤ ᠠᠵᠢᠯ ᠪᠠ | ᠨᠢᠭᠡᠳᠦᠭᠡᠷ ᠹᠷᠣᠨᠲ ᠤᠨ ᠠᠵᠢᠯ ᠢ ᠰᠠᠶᠢᠲᠤᠷ ᠬᠢᠨ᠎ᠡ᠃ | ︵ᠠᠷᠪᠠ︶ ᠲᠣᠭᠤᠷᠢᠭ ᠤᠨ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠤᠨ ᠳᠣᠰᠢᠶᠠᠭᠰᠠᠨ ᠪᠣᠰᠣᠳ ᠡᠬᠦᠷᠭᠡ ᠳᠣᠰᠢᠶᠠᠯ ᠢ ᠬᠦᠢᠴᠡᠳᠭᠡᠨ᠎ᠡ᠃ | |