ᠵᠠᠯᠠᠶᠢᠨᠠᠭᠤᠷ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠪᠠᠭᠰᠢ ᠶᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠢᠨᠠᠨ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2020/9/1
  ︽ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠯᠣᠭᠤᠳᠬᠤ ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 28 ᠤ ᠦᠳᠡ ᠶᠢᠨ ᠡᠮᠦᠨ᠎ᠡ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠶᠢᠨᠠᠭᠤᠷ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠲᠤ 13 ᠪᠠᠭᠰᠢ ᠳᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠢᠨᠠᠨ ᠰᠢᠯᠭᠠᠯᠲᠠ ᠬᠢᠵᠡᠶ᠃ ᠬᠢᠨᠠᠨ ᠰᠢᠯᠭᠠᠯᠲᠠ ᠳᠤ ᠰᠤᠷᠭᠠᠨ ᠬᠥᠮᠦᠵᠢᠯ ᠤᠨ ᠲᠣᠪᠴᠢᠶᠠᠨ ᠤ ᠬᠡᠤᠬᠡᠳ ᠤᠨ ᠰᠤᠷᠭᠠᠨ ᠬᠥᠮᠦᠵᠢᠯ ᠤᠨ ᠰᠠᠯᠠᠭᠠᠨ ᠤ ᠳᠠᠷᠤᠭ᠎ᠠ ᠸᠠᠩ ᠬᠦᠶ ᠮᠧᠶ᠂ ᠶᠧᠦ ᠸᠠ ᠸᠠ ᠬᠡᠤᠬᠡᠳ ᠤᠨ ᠴᠡᠴᠡᠷᠯᠢᠭ ᠤᠨ ᠳᠠᠷᠤᠭ᠎ᠠ ᠯᠢᠦ ᠨᠠ᠂ ᠳᠡᠳ᠋ ᠴᠡᠴᠡᠷᠯᠢᠭ ᠤᠨ ᠳᠠᠷᠤᠭ᠎ᠠ ᠸᠠᠩ ᠲᠢᠩ᠂ ᠵᠠᠯᠠᠶᠢᠨᠠᠭᠤᠷ ᠬᠡᠤᠬᠡᠳ ᠤᠨ ᠴᠡᠴᠡᠷᠯᠢᠭ ᠤᠨ ᠳᠡᠳ᠋ ᠳᠠᠷᠤᠭ᠎ᠠ ᠯᠢᠦ ᠵᠧ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠳᠠᠷᠤᠭ᠎ᠠ ᠵᠦ ᠵᠢᠶᠦ᠋ᠨ ᠶᠢᠩ ᠪᠠ ᠳᠡᠳ᠋ ᠴᠡᠴᠡᠷᠯᠢᠭ ᠤᠨ ᠳᠠᠷᠤᠭ᠎ᠠ ᠵᠣᠣ ᠱᠦ ᠵᠢᠤᠸᠠᠨ ᠵᠡᠷᠭᠡ ᠤᠷᠤᠯᠴᠠᠪᠠ᠃      ᠲᠤᠰ ᠤᠳᠠᠭᠠᠨ ᠤ ᠬᠢᠨᠠᠨ ᠰᠢᠯᠭᠠᠬᠤ  ᠪᠠᠭᠰᠢ  ᠪᠣᠯ ᠤᠤᠯ ᠤᠨ ᠸᠠᠩ ᠽᠠᠢ ᠴᠡᠴᠡᠷᠯᠢᠭ ᠤᠨ ᠬᠡᠰᠡᠭ ᠪᠠᠭᠰᠢ᠂ ᠨᠥᠬᠦᠪᠥᠷᠢᠯᠡᠨ ᠡᠯᠰᠡᠭᠰᠡᠨ ᠬᠡᠤᠬᠡᠳ ᠤᠨ ᠴᠡᠴᠡᠷᠯᠢᠭ  ᠤᠨ  ᠪᠠᠭᠰᠢ  ᠂ ᠬᠢᠨᠠᠨ ᠰᠢᠯᠭᠠᠬᠤ ᠠᠭᠤᠯᠭ᠎ᠠ ᠨᠢ ᠪᠠᠭᠰᠢ ᠶᠢᠨ ᠲᠤᠰᠬᠠᠶ ᠮᠡᠷᠭᠡᠵᠢᠯ ᠤᠨ ᠬᠢᠴᠢᠶᠡᠯ ᠵᠢᠴᠢ ᠤᠷ᠎ᠠ ᠴᠢᠳᠠᠪᠤᠷᠢ ᠶᠢᠨ ᠦᠵᠡᠭᠦᠯᠦᠯᠭᠡ  ᠂ ᠪᠠᠭᠰᠢ ᠨᠠᠷ ᠥᠪᠡᠷ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠯᠠᠪᠳᠠᠭᠤᠨ ᠲᠣᠭᠲᠠᠭᠤᠨ ᠢᠶᠠᠷ ᠥᠪᠡᠷ ᠤᠨ ᠤᠷ᠎ᠠ ᠴᠢᠳᠠᠪᠤᠷᠢ ᠶᠢᠨ ᠴᠤᠭ ᠵᠢᠪᠬᠤᠭ᠎ᠠ ᠪᠠᠨ ᠢᠯᠡᠷᠡᠭᠦᠯᠦᠭᠰᠡᠨ ᠮᠥᠷᠲᠡᠭᠡᠨ ᠪᠠᠰᠠ ᠬᠠᠷᠢᠯᠴᠠᠨ ᠰᠤᠷᠤᠯᠴᠠᠬᠤ ᠪᠠᠷ ᠳᠠᠮᠵᠢᠨ ᠥᠪᠡᠷ ᠤᠨ ᠪᠠᠭᠤᠷᠠᠢ ᠲᠠᠯ᠎ᠠ ᠪᠠᠨ ᠣᠨᠣᠪᠴᠢᠲᠠᠢ ᠡᠷᠢᠨ ᠣᠯᠵᠤ᠂ ᠲᠡᠷᠡᠴᠢᠯᠡᠨ ᠡᠯ᠎ᠡ ᠠᠷᠭ᠎ᠠ ᠵᠠᠮ ᠢᠶᠠᠷ ᠲᠠᠰᠤᠷᠠᠯᠲᠠ ᠦᠭᠡᠢ ᠳᠡᠭᠡᠭᠰᠢᠯᠡᠵᠦ᠂ ᠪᠠᠭᠰᠢ ᠶᠢᠨ ᠬᠤᠪᠢ ᠬᠥᠮᠦᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠂ ᠪᠦᠷᠢᠨ ᠴᠢᠳᠠᠪᠤᠷᠢᠲᠤ ᠪᠠᠭᠰᠢ ᠪᠣᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠰᠢᠯᠭᠠᠨ ᠬᠢᠨᠠᠬᠤ ᠳᠤᠭᠤᠶᠢᠯᠠᠩ ᠤᠨ ᠪᠦᠷᠢᠯᠳᠦᠬᠦᠨ ᠨᠡᠷ ᠪᠠᠭᠰᠢ ᠨᠠᠷ ᠤᠨ ᠢᠯᠡᠷᠡᠯ ᠢ ᠮᠡᠳᠡᠷᠡᠵᠦ᠂ ᠬᠦᠷᠦᠯᠴᠡᠬᠦ ᠦᠭᠡᠢ ᠲᠠᠯ᠎ᠠ ᠳᠤ ᠪᠠᠰᠠ ᠰᠠᠨᠠᠯ ᠪᠠ ᠰᠠᠨᠠᠭᠤᠯᠭ᠎ᠠ ᠳᠤᠷᠠᠳᠪᠠ᠂ ᠰᠢᠯᠭᠠᠨ ᠬᠢᠨᠠᠵᠤ ᠥᠩᠭᠡᠷᠡᠭᠰᠡᠨ ᠪᠠᠭᠰᠢ ᠵᠠᠯᠠᠶᠢᠨᠠᠭᠤᠷ ᠲᠣᠭᠤᠷᠢᠭ ᠤᠨ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠲᠤᠷᠰᠢᠨ ᠬᠡᠷᠡᠭᠯᠡᠬᠦ ᠠᠵᠢᠯ ᠤᠨ ᠪᠠᠶᠢᠷᠢ ᠳᠤ ᠭᠠᠷᠬᠤ  ᠪᠠᠷ  ᠪᠠᠶᠢᠨ᠎ᠠ  ᠃      
     ᠲᠤᠰ ᠤᠳᠠᠭᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠶᠢ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠬᠢᠨᠠᠨ ᠰᠢᠯᠭᠠᠵᠤ᠂ ᠪᠠᠭᠰᠢ ᠶᠢᠨ ᠬᠡᠤᠬᠡᠳ ᠤᠨ ᠰᠤᠷᠭᠠᠨ ᠬᠥᠮᠦᠵᠢᠯ ᠤᠨ ᠦᠶ᠋ᠯᠡᠰ ᠢ ᠬᠠᠶᠢᠷᠠᠯᠠᠵᠤ᠂ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠵᠤ᠂ ᠪᠦᠬᠦ ᠰᠡᠳᠬᠢᠯ ᠢᠶᠠᠷ ᠢᠶᠠᠨ ᠬᠡᠤᠬᠡᠳ ᠲᠤ ᠦᠶ᠋ᠯᠡᠴᠢᠯᠡᠬᠦ ᠰᠠᠶᠢᠨ ᠰᠠᠶᠢᠬᠠᠨ ᠬᠡᠪ ᠰᠤᠷᠲᠠᠯ ᠨᠢ ᠪᠠᠭᠰᠢ ᠶᠢᠨ ᠲᠤᠰᠬᠠᠢ ᠮᠡᠷᠭᠡᠵᠢᠯ ᠤᠨ ᠤᠷ᠎ᠠ ᠮᠡᠷᠭᠡᠵᠢᠯ ᠢ ᠳᠡᠭᠡᠭᠰᠢᠯᠡᠭᠦᠯᠵᠦ᠂ ᠰᠢᠨ᠎ᠡ ᠪᠠᠭᠰᠢ ᠶᠢᠨ ᠲᠦᠷᠭᠡᠨ ᠦᠰᠦᠨ ᠪᠤᠶᠢᠵᠢᠯᠲᠠ ᠶᠢ ᠠᠬᠢᠭᠤᠯᠵᠠᠶ᠃
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号