ᠵᠠᠯᠠᠶᠢᠨᠠᠭᠤᠷ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠲᠣᠪᠴᠢᠶᠠᠨ ᠤ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/9/1
     ︵ᠨᠢᠭᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠶ  ᠨᠠᠮ ᠪᠠ ᠤᠯᠤᠰ ᠠᠴᠠ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ  ᠲᠤᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠪᠣᠯᠤᠨ ᠳᠦᠷᠢᠮᠵᠢᠯ ᠢ ᠲᠤᠭᠤᠷᠪᠢᠨ  ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃       ︵ᠬᠤᠶᠠᠷ︶ ᠪᠥᠬᠦ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠂ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ  ᠠᠵᠢᠯ ᠢ ᠵᠢᠯᠣᠭᠤᠳᠤᠨ ᠲᠣᠬᠢᠷᠠᠭᠤᠯᠬᠤ ᠠᠵᠢᠯ ᠢ ᠬᠠᠷᠢᠭᠤᠴᠠᠨ᠎ᠠ᠃       ︵ᠭᠤᠷᠪᠠ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ  ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠶᠢᠨ ᠳᠦᠷᠢᠮ ᠢ ᠵᠣᠬᠢᠶᠠᠨ ᠪᠠᠶᠢᠭᠤᠯᠵᠤ  ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ  ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ︵ᠳᠥᠷᠪᠡ︶ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠲᠥᠯᠥᠪᠵᠢᠭᠦᠯᠭᠡ᠂  ᠪᠥᠲᠥᠭᠡᠨ ᠪᠠᠶᠢᠭᠤᠯᠤᠯᠲᠠ ᠶᠢᠨ ᠵᠥᠪᠰᠢᠶᠡᠷᠡᠯ ᠣᠯᠤᠭᠰᠠᠨ ᠥᠬᠡᠶ ᠪᠠ ᠲᠥᠯᠥᠪᠵᠢᠭᠦᠯᠭᠡ ᠶᠢᠨ ᠵᠥᠪᠰᠢᠶᠡᠷᠡᠯ  ᠶᠣᠰᠣᠭᠠᠷ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ ᠥᠬᠡᠶ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ  ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠠᠵᠢᠯ ᠢ  ᠬᠠᠷᠢᠭᠤᠴᠠᠨ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠤᠷ᠎ᠠ ᠪᠠᠷ ᠢᠶᠠᠨ ᠡᠵᠡᠯᠡᠨ  ᠬᠡᠷᠡᠭᠯᠡᠵᠦ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ  ᠵᠠᠰᠠᠭ  ᠵᠠᠬᠢᠷᠭᠠᠨ ᠢᠶᠠᠷ  ᠰᠢᠢᠳᠬᠡᠨ ᠲᠣᠷᠭᠠᠬᠤ ᠠᠵᠢᠯ ᠢ ᠬᠢᠬᠦ ᠬᠡᠷᠡᠭᠲᠡᠶ᠃      ︵ᠲᠠᠪᠤ︶ ᠵᠡᠭᠡᠯᠢ ᠳᠠᠭᠤ  ᠪᠠᠶᠢᠭ᠎ᠠ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ᠂ ᠵᠠᠰᠠᠯ ᠴᠢᠮᠡᠭᠯᠡᠯ ᠤᠨ  ᠥᠭᠡᠷᠡᠴᠢᠯᠡᠯᠲᠡ ᠶᠢᠨ ᠬᠢᠨᠠᠯᠲᠠ ᠬᠠᠮᠢᠶᠠᠷᠤᠯᠲᠠ ᠪᠠ ᠤᠯᠠᠨ ᠨᠡᠶᠢᠲᠡ ᠶᠢᠨ ᠣᠷᠣᠨ ᠵᠠᠶ ᠶᠢᠨ ᠡᠮᠬᠢ ᠵᠢᠷᠤᠮ ᠤᠨ  ᠬᠠᠮᠢᠶᠠᠷᠤᠯᠲᠠ ᠶᠢ ᠬᠠᠷᠢᠭᠤᠴᠠᠨ᠎ᠠ᠂ ᠭᠡᠷ ᠤᠨ ᠭᠠᠳᠠᠨᠠᠬᠢ ᠵᠠᠷ ᠮᠡᠳᠡᠭᠡ ᠪᠠᠶᠢᠷᠢᠯᠠᠭᠤᠯᠬᠤ ᠬᠠᠮᠢᠶᠠᠷᠤᠯᠲᠠ ᠪᠣᠯᠤᠨ ᠫᠠᠶᠢᠰᠠ  ᠢᠯᠡᠷᠬᠡᠶᠢᠯᠡᠯ ᠪᠠᠶᠢᠷᠢᠯᠠᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠬᠢᠨᠠᠨ ᠵᠥᠪᠰᠢᠶᠡᠷᠡᠯ ᠣᠯᠣᠭᠰᠠᠨ ᠦᠭᠡᠢ ᠪᠤᠶᠤ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ  ᠵᠥᠷᠢᠴᠡᠨ ᠬᠤᠲᠠ ᠶᠢᠨ ᠶᠠᠪᠤᠳᠠᠯ ᠤᠨ ᠵᠠᠮ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ  ᠲᠥᠬᠦᠭᠡᠷᠦᠮᠵᠢ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠮᠠᠯᠲᠠᠬᠤ᠂ ᠡᠵᠡᠯᠡᠬᠦ᠂ ᠡᠪᠳᠡᠬᠦ ᠠᠵᠢᠯ ᠢ ᠬᠢᠨᠠᠨ  ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠠᠵᠢᠯ ᠢ ᠬᠠᠷᠢᠭᠤᠴᠠᠨ᠎ᠠ᠃      ︵ᠳᠣᠯᠤᠭ᠎ᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃  ᠬᠢᠨᠠᠨ ᠵᠥᠪᠰᠢᠶᠡᠷᠡᠭᠦᠯᠦᠭᠡᠳᠦᠶ ᠪᠠᠷ ᠴᠡᠴᠡᠷᠯᠢᠭ ᠤᠨ ᠵᠦᠯᠭᠡ ᠭᠠᠵᠠᠷ ᠵᠢᠴᠢ ᠳᠠᠭᠠᠯᠲᠠ ᠲᠥᠬᠦᠭᠡᠷᠦᠮᠵᠢ ᠶᠢ ᠬᠠᠤᠯᠢ  ᠪᠤᠰᠤ ᠪᠠᠷ ᠡᠪᠳᠡᠬᠦ ᠵᠢᠴᠢ ᠵᠥᠪᠰᠢᠶᠡᠷᠡᠭᠰᠡᠨ ᠤ ᠳᠠᠷᠠᠭ᠎ᠠ ᠬᠢᠨᠠᠨ ᠵᠥᠪᠰᠢᠶᠡᠷᠡᠯ ᠤᠨ ᠱᠠᠭᠠᠷᠳᠠᠯᠭ᠎ᠠ ᠶᠢ ᠵᠥᠷᠢᠴᠡᠨ  ᠬᠤᠲᠠ ᠶᠢᠨ ᠲᠣᠭᠤᠷᠢᠭ ᠤᠨ ᠴᠡᠴᠡᠷᠯᠢᠭ ᠤᠨ ᠮᠣᠳᠣ ᠶᠢ ᠣᠭᠲᠣᠯᠬᠤ᠂ ᠰᠢᠯᠵᠢᠭᠦᠯᠦᠨ ᠵᠠᠶᠢᠯᠠᠬᠤ᠂ ᠵᠦᠯᠭᠡ ᠭᠠᠵᠠᠷ ᠢ  ᠡᠵᠡᠯᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠢᠳᠬᠡᠯ  ᠲᠣᠷᠭᠠᠭᠤᠯᠢ ᠥᠭᠬᠦ ᠠᠵᠢᠯ ᠢ ᠬᠠᠷᠢᠭᠤᠴᠠᠨ᠎ᠠ᠃ ᠴᠡᠴᠡᠷᠯᠢᠭ᠂ ᠵᠤᠭᠠᠴᠠᠬᠤ ᠬᠦᠷᠢᠶᠡᠯᠡᠩ᠂ ᠬᠤᠲᠠ ᠶᠢᠨ ᠠᠭᠤᠳᠠᠮ  ᠲᠠᠯᠠᠪᠠᠢ᠂ ᠣᠯᠠᠨ ᠨᠡᠶᠢᠲᠡ ᠶᠢᠨ ᠵᠦᠯᠭᠡ ᠭᠠᠵᠠᠷ᠂ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ  ᠲᠠᠯᠠᠪᠤᠷ ᠤᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠪᠠ ᠡᠵᠡᠩᠨᠡᠯᠲᠡ ᠶᠢᠨ ᠡᠮᠬᠢ ᠵᠢᠷᠤᠮ ᠵᠡᠷᠭᠡ ᠲᠠᠯ᠎ᠠ ᠶᠢᠨ  ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠨᠠᠢᠮᠠ︶ ᠠᠮᠢᠳᠤᠷᠠᠯ ᠤᠨ ᠬᠤᠭ ᠨᠣᠪᠰᠢ᠂ ᠬᠤᠭᠤᠯᠠᠨ ᠬᠡᠷ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠂ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ ᠠᠵᠢᠯ ᠢ ᠬᠠᠷᠢᠭᠤᠴᠠᠨ᠎ᠠ᠂ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢᠨ  ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠶᠢᠰᠦ︶ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠤ ᠠᠬᠤᠶᠢᠯᠠᠯ ᠢ  ᠳᠠᠩᠰᠠᠯᠠᠭᠤᠯᠬᠤ ᠶᠢ ᠬᠠᠷᠢᠭᠤᠴᠠᠨ᠎ᠠ᠂ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ᠂ ᠪᠠᠭᠲᠠᠭᠠᠨ ᠰᠢᠩᠭᠡᠭᠡᠬᠦ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠠᠷᠪᠠ︶ ᠲᠡᠷᠭᠡᠨ ᠤ ᠵᠣᠭᠰᠣᠭᠠᠯ ᠤᠨ ᠪᠠᠶᠢᠷᠢᠯᠠᠭᠤᠯᠤᠯᠲᠠ ᠶᠢ ᠳᠠᠩᠰᠠᠯᠠᠭᠤᠯᠬᠤ ᠵᠢᠴᠢ ᠲᠡᠷᠭᠡᠨ ᠤ  ᠵᠣᠭᠰᠣᠭᠠᠯ ᠢ ᠪᠠᠶᠢᠭᠤᠯᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠂ ᠵᠠᠮ ᠬᠠᠷᠢᠯᠴᠠᠭᠠᠨ ᠤ  ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠢ ᠡᠵᠡᠯᠡᠭᠰᠡᠨ᠂ ᠬᠠᠤᠯᠢ ᠠᠴᠠ ᠵᠥᠷᠢᠴᠡᠨ ᠲᠡᠷᠭᠡ ᠬᠥᠰᠬᠡ ᠶᠢ  ᠵᠣᠭᠰᠣᠭᠠᠭᠰᠠᠨ ᠵᠡᠷᠭᠡ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ  ᠲᠣᠷᠭᠠᠭᠤᠯᠢ ᠶᠢᠨ ᠠᠵᠢᠯ ︵ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠥᠷᠨᠢᠭᠦᠯᠦᠨ᠎ᠡ︶ ᠢ  ᠬᠠᠷᠢᠭᠤᠴᠠᠨ᠎ᠠ᠃       ︵ᠠᠷᠪᠠᠨ ᠨᠢᠭᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠪᠠᠷᠢᠯᠭ᠎ᠠ ᠶᠢᠨ ᠬᠤᠭ ᠨᠣᠪᠰᠢ  ᠲᠡᠭᠡᠭᠡᠪᠦᠷᠢᠯᠡᠬᠦ ᠶᠠᠪᠤᠴᠠ ᠳᠠᠬᠢ ᠲᠣᠭᠤᠰᠣ ᠳᠡᠭᠳᠡᠬᠦ᠂ ᠳᠤᠰᠤᠯᠭᠠᠬᠤ᠂ ᠰᠠᠴᠤᠬᠤ᠂ ᠭᠤᠭᠤᠵᠢᠭᠤᠯᠬᠤ ᠪᠣᠬᠢᠷᠲᠤᠯ᠂  ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠤᠲᠤᠭᠠᠨ ᠤ ᠪᠣᠬᠢᠷᠲᠤᠯ᠂ ᠵᠠᠳᠠᠭᠠᠶ ᠰᠢᠷᠠᠮᠠᠯ ᠤᠨ ᠭᠠᠵᠠᠷ ᠤᠨ  ᠪᠣᠬᠢᠷᠲᠤᠯ ᠵᠡᠷᠭᠡ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ  ᠬᠠᠷᠢᠭᠤᠴᠠᠨ᠎ᠠ᠃       ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ ᠭᠠᠳᠠᠨᠠᠬᠢ  ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠥᠬᠡᠶ ᠪᠠᠷ ᠡᠵᠡᠩᠨᠡᠬᠦ᠂ ᠬᠡᠷ ᠤᠨ ᠭᠠᠳᠠᠨᠠᠬᠢ ᠵᠠᠷ ᠮᠡᠳᠡᠭᠡᠨ ᠤ  ᠠᠭᠤᠯᠭ᠎ᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠵᠢᠴᠢ ᠵᠠᠰᠠᠭ  ᠵᠠᠬᠢᠷᠭᠠᠨ ᠤ ᠰᠢᠢᠳᠬᠡᠯ ᠥᠭᠬᠦ ᠠᠵᠢᠯ ᠢ ᠬᠠᠷᠢᠭᠤᠴᠠᠨ᠎ᠠ᠂ ᠡᠯ᠎ᠡ ᠲᠥᠷᠥᠯ ᠤᠨ ᠵᠠᠳᠠᠭᠠᠶ ᠠᠷᠠᠳ ᠲᠤ ᠳᠥᠭᠦᠮ  ᠦᠵᠡᠭᠦᠯᠬᠦ ᠵᠠᠬ᠎ᠠ ᠳᠡᠯᠭᠡᠭᠦᠷ᠂ ᠲᠦᠷ ᠴᠠᠭ ᠤᠨ ᠵᠠᠬ᠎ᠠ ᠳᠡᠯᠭᠡᠭᠦᠷ ᠵᠡᠷᠭᠡ ᠶᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ  ᠬᠠᠷᠢᠭᠤᠴᠠᠨ᠎ᠠ᠃       ︵ᠠᠷᠪᠠᠨ ᠭᠤᠷᠪᠠ︶ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ  ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ  ᠳᠡᠯᠭᠡᠭᠦᠷ ᠤᠨ ᠦᠨᠡᠮᠯᠡᠯ ᠦᠭᠡᠶ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠰᠢᠢᠳᠬᠡᠯ  ᠲᠣᠷᠭᠠᠭᠤᠯᠢ ᠶᠢᠨ ᠠᠵᠢᠯ ᠢ ᠬᠠᠷᠢᠭᠤᠴᠠᠨ᠎ᠠ᠃       ︵ᠠᠷᠪᠠᠨ ᠳᠥᠷᠪᠡ︶ ᠬᠤᠲᠠ ᠶᠢᠨ ᠬᠠᠮᠢᠶᠠᠷᠤᠯᠲᠠ ᠶᠢ ᠲᠣᠭᠠᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ  ᠠᠵᠢᠯ ᠢ ᠬᠠᠷᠢᠭᠤᠴᠠᠨ ᠠᠬᠢᠭᠤᠯᠤᠨ᠎ᠠ᠃      ︵ᠠᠷᠪᠠᠨ ᠲᠠᠪᠤ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ  ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ