︵ᠨᠢᠭᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ᠂ ᠪᠠᠷᠢᠮᠵᠢᠶ ᠠ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ | ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠡᠯ᠎ᠡ ᠲᠥᠷᠥᠯ ᠤᠨ | ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ ᠬᠤᠷᠢᠰᠢᠶᠠᠵᠢᠯ ᠪᠣᠯᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠵᠢᠴᠢ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ ᠠᠵᠢᠯ ᠢ ᠵᠣᠬᠢᠶᠠᠨ ᠪᠠᠶᠢᠭᠤᠯᠤᠨ | ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ | ᠬᠡᠷᠡᠭᠵᠢᠭᠦᠯᠦᠨ᠎ᠡ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠳᠦᠷᠢᠮᠵᠢᠭᠦᠯᠦᠨ᠎ᠡ᠃ | ︵ᠳᠥᠷᠪᠡ︶ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠡᠷᠬᠡ ᠣᠯᠭᠤᠯᠲᠠ ᠶᠢ | ᠦᠨᠳᠦᠰᠦᠯᠡᠨ᠂ ᠡᠵᠡᠩᠨᠡᠭᠴᠢ ᠶᠢᠨ ᠲᠥᠪᠯᠡᠷᠡᠭᠰᠡᠨ ᠦᠢᠯᠡ ᠠᠵᠢᠯᠯᠠᠭ᠎ᠠ ᠳᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ | ᠭᠠᠭᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ᠂ ᠵᠠᠰᠠᠭ ᠵᠠᠬᠢᠷᠭᠠᠨ ᠤ ᠡᠷᠬᠡ ᠶᠢ | ᠳᠤᠷ᠎ᠠ ᠪᠠᠷ ᠢᠶᠠᠨ ᠬᠡᠷᠡᠭᠯᠡᠬᠦ᠂ ᠥᠷᠢᠰᠥᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠵᠡᠷᠭᠡ ᠭᠠᠭᠴᠠᠭᠠᠷ ᠡᠵᠡᠮᠰᠢᠯ ᠢ | ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ ᠪᠠ ᠳᠠᠮᠵᠢᠭᠤᠯᠤᠨ ᠪᠣᠷᠣᠯᠠᠭᠤᠯᠬᠤ ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠠᠤᠯᠢ | ᠶᠣᠰᠣᠭᠠᠷ ᠬᠢᠨᠠᠨ ᠬᠠᠮᠢᠶᠠᠷᠤᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ | ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ ᠪᠤᠰᠤ ᠥᠷᠢᠰᠥᠯᠳᠦᠭᠡᠨ | ᠬᠢᠭᠰᠡᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ | ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠷ ᠮᠡᠳᠡᠭᠡᠨ ᠤ ᠦᠢᠯᠡᠰ ᠤᠨ | ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡᠨ ᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠥᠬᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠥᠬᠦᠶ | ᠦᠨᠡᠮᠯᠡᠯ ᠥᠬᠡᠶ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠵᠢᠯᠣᠭᠤᠳᠤᠨ ᠪᠠᠶᠢᠴᠠᠭᠠᠨ ᠰᠢᠢᠳᠪᠦᠷᠢᠯᠡᠨ᠎ᠡ᠃ ᠲᠣᠭᠤᠷᠢᠭ ᠤᠨ ᠬᠡᠷᠡᠭᠯᠡᠭᠴᠢᠳ ᠤᠨ | ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ | ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠦᠨᠳᠦ ᠶᠡᠭᠡ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ | ᠳᠦᠷᠢᠮ ᠢ ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠤᠳᠠᠯ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠣᠯᠤᠭ᠎ᠠ︶ ᠦᠢᠯᠡᠳᠬᠦᠨ ᠤ ︵ᠲᠠᠸᠠᠷ ᠤᠨ︶ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ | ︵ᠲᠠᠸᠠᠷ ᠤᠨ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ | ᠪᠥᠬᠦ ᠲᠣᠭᠤᠷᠢᠭ ᠤᠨ ᠦᠢᠯᠡᠳᠬᠦᠨ ᠤ ︵ᠲᠠᠸᠠᠷ ᠤᠨ︶ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ | ᠲᠦᠪᠰᠢᠨ ᠤ ᠮᠥᠷᠳᠡᠨ ᠤᠬᠤᠴᠢᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ | ᠣᠨᠴᠠ ᠲᠥᠷᠥᠯ ᠤᠨ ᠲᠣᠨᠤᠭ ᠲᠦᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠠᠭᠠᠷ ᠤᠨ ᠵᠤᠤᠬ᠎ᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ︵ᠶᠢᠰᠦ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ | ᠲᠦᠪᠰᠢᠨ ᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ | ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ | ︵ᠠᠷᠪᠠ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢ | ᠬᠠᠮᠤᠷᠤᠭᠰᠠᠨ ᠬᠢᠨᠠᠨ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ | ᠢᠳᠡᠭᠡᠨ ᠦᠢᠯᠡᠳᠪᠦᠷᠢᠯᠡᠬᠦ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠤ ᠮᠥᠷᠳᠡᠨ | ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠢᠳᠡᠭᠡᠨ ᠤ ᠠᠶᠤᠯ ᠦᠭᠡᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ | ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ᠂ ᠲᠦᠭᠰᠢᠭᠦᠷᠢ ᠶᠢ ᠰᠡᠷᠡᠮᠵᠢᠯᠡᠭᠦᠯᠬᠦ ᠪᠠ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠶ ᠢᠳᠡᠭᠡᠨ ᠤ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠡᠮ ︵ᠬᠢᠲᠠᠳ ᠡᠮ᠂ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ︶᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭᠯᠡᠯ | ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠳᠦᠷᠢᠮ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠬᠡᠷᠡᠭᠲᠡᠶ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ | ᠪᠠᠷᠢᠮᠵᠢᠶ᠎ᠠ ᠶᠢᠨ ᠬᠠᠮᠢᠶᠠᠷᠤᠯᠲᠠ ᠳᠤ ᠣᠷᠣᠯᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠤᠨ ᠪᠠᠷᠢᠮᠵᠢᠶ᠎ᠠ ᠪᠣᠯᠤᠨ | ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠠᠮᠵᠢᠯᠴᠠᠨ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ | ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠭᠯᠡᠯ ᠤᠨ ᠡᠳ᠋ ᠤᠨ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ᠂ ᠬᠡᠷᠡᠭᠯᠡᠯᠲᠡ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠬᠢᠨᠠᠯᠲᠠ | ᠲᠠᠯᠪᠢᠨ ᠬᠡᠷᠡᠭᠵᠢᠭᠦᠯᠦᠨ᠎ᠡ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ | ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠤᠨ ᠮᠠᠭᠤ ᠤᠷᠪᠠᠯ᠂ ᠡᠮ ᠢ ᠳᠤᠷ᠎ᠠ ᠪᠠᠷ ᠬᠡᠷᠡᠭᠯᠡᠬᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ | ᠮᠠᠭᠤ ᠬᠡᠷᠡᠭ ᠪᠣᠯᠤᠨ ᠵᠠᠰᠠᠯ ᠴᠢᠮᠡᠭ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠶ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠭᠤᠷᠪᠠ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ | ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠴᠠᠭᠠᠬᠤ ᠳᠦᠷᠢᠮ ᠲᠣᠭᠲᠠᠭᠠᠵᠤ᠂ | ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠡᠵᠡᠩᠨᠡᠯᠲᠡ᠂ ᠬᠡᠷᠡᠭᠯᠡᠯᠲᠡ ᠶᠢᠨ ᠵᠠᠩᠭᠢᠯᠠᠭ᠎ᠠ ᠶᠢᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠪᠠ ᠰᠢᠢᠳᠪᠦᠷᠢᠯᠡᠬᠦ | ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠳᠥᠷᠪᠡ︶ ᠬᠡᠮᠵᠢᠯᠲᠡ ᠶᠢᠨ ᠠᠵᠢᠯ ᠢ ᠬᠠᠷᠢᠭᠤᠴᠠᠵᠤ ᠨᠢᠭᠡᠳᠦᠯᠲᠡᠶ ᠬᠠᠮᠢᠶᠠᠷᠤᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠢᠳᠠᠪᠤᠷᠢᠵᠢᠭᠤᠯᠬᠤ᠂ | ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ | ᠬᠠᠷᠢᠴᠠᠭᠤᠯᠬᠤ ᠠᠵᠢᠯ ᠢ ᠬᠢᠨᠠᠨ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠳᠦᠷᠢᠮᠵᠢᠭᠦᠯᠵᠦ ᠬᠢᠨᠠᠯᠲᠠ | ᠲᠠᠯᠪᠢᠨ᠎ᠠ᠃ ︵ᠠᠷᠪᠠᠨ ᠲᠠᠪᠤ︶ ᠪᠦᠬᠦ ᠲᠣᠭᠤᠷᠢᠭ ᠤᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ | ᠣᠷᠣᠨ ᠨᠤᠲᠤᠭ ᠤᠨ ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠳ᠋ᠤᠭᠠᠷᠯᠠᠬᠤ ᠪᠠ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ | ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠵᠢᠷᠭᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠵᠠᠬ᠎ᠠ ᠳᠡᠯᠭᠡᠭᠦᠷ ᠢ ᠳᠦᠷᠢᠮᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠳᠣᠯᠤᠭ᠎ᠠ︶ ᠪᠦᠬᠦ ᠲᠣᠭᠤᠷᠢᠭ ᠤᠨ ISO ᠶᠠᠰᠤ ᠴᠢᠨᠠᠷ ᠤᠨ ᠰᠢᠰᠲ᠋ᠧᠮᠵᠢ ᠶᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ | ᠵᠣᠬᠢᠴᠠᠭᠤᠯᠬᠤ ᠵᠡᠷᠭᠡ ᠭᠡᠷᠡᠴᠢᠯᠡᠯ ᠤᠨ ᠠᠵᠢᠯ ᠢ ᠬᠠᠷᠢᠭᠤᠴᠠᠨ᠎ᠠ᠃ ᠭᠡᠷᠡᠴᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ | ︵ᠠᠷᠪᠠᠨ ᠨᠠᠢᠮᠠ︶ ᠪᠦᠬᠦ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠬᠠᠷᠢᠭᠤᠴᠠᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ | ᠬᠡᠷᠡᠭᠵᠢᠭᠦᠯᠦᠯᠲᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠠᠰᠢᠭ ᠢᠶᠠᠨ ᠬᠠᠮᠠᠭᠠᠯᠠᠬᠤ ᠲᠤᠰᠠᠯᠠᠮᠵᠢ ᠪᠠ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠶᠢᠰᠦ︶ ᠦᠨ᠎ᠡ ᠬᠠᠩᠰᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ | ᠦᠨ᠎ᠡ ᠬᠠᠩᠰᠢ ᠵᠢᠴᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠂ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ | ︵ᠬᠤᠷᠢ︶ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶ᠋ᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠬᠤᠷᠢᠨ ᠨᠢᠭᠡ︶ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |