ᠵᠠᠯᠠᠶᠢᠨᠠᠭᠤᠷ  ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠭᠤᠣᠯ ᠡᠭᠦᠷᠭᠡ  ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/9/1
     ︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ  ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ  ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ  ᠲᠣᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ   ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃          ︵ᠬᠤᠶᠠᠷ︶ ᠪᠦᠬᠦ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠦᠢᠯᠡᠰ᠂ ᠰᠣᠶᠣᠯ ᠪᠡᠶ᠎ᠡ ᠶᠢᠨ ᠲᠠᠮᠢᠷ ᠤᠨ  ᠠᠵᠤ ᠦᠢᠯᠡᠰ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠠᠮᠢᠶᠠᠷᠤᠯᠲᠠ ᠶᠢᠨ ᠠᠷᠭ᠎ᠠ᠂  ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠣᠶᠣᠯ᠂  ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ  ᠲᠠᠮᠢᠷ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃           ︵ᠭᠤᠷᠪᠠ︶ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ  ᠬᠠᠷᠢᠭᠤᠴᠠᠨ᠎ᠠ᠃ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠢᠨᠠᠨ  ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃      ︵ᠳᠥᠷᠪᠡ︶ ᠰᠣᠶᠣᠯ᠂ ᠵᠢᠭᠤᠯᠴᠢᠯᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠴᠢᠩᠭᠠᠳᠬᠠᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠣᠯᠤᠨ  ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ ᠪᠦᠬᠦ ᠲᠣᠭᠤᠷᠢᠭ ᠤᠨ ᠴᠢᠨᠠᠷᠲᠠᠶ ᠴᠢᠬᠤᠯᠠ ᠶᠡᠭᠡ ᠰᠣᠶᠣᠯ  ᠵᠢᠭᠤᠯᠴᠢᠯᠠᠯ ᠤᠨ ᠠᠵᠢᠯᠯᠠᠭ᠎ᠠ ᠶᠢ ᠬᠠᠮᠢᠶᠠᠷᠴᠤ ᠵᠣᠬᠢᠴᠠᠭᠤᠯᠤᠨ᠎ᠠ᠃      ︵ᠲᠠᠪᠤ︶ ᠰᠣᠶᠣᠯ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠬᠦ ᠶᠢ  ᠬᠠᠷᠢᠭᠤᠴᠠᠨ᠎ᠠ᠃ ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ  ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠭᠠᠳᠠᠭᠠᠳᠤ  ᠬᠠᠮᠵᠢᠯᠴᠠᠭ᠎ᠠ ᠪᠣᠯᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠵᠤ᠂ ᠪᠦᠬᠦ ᠲᠣᠭᠤᠷᠢᠭ ᠤᠨ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ  ᠵᠢᠭᠤᠯᠴᠢᠯᠠᠯ ᠤᠨ ᠠᠵᠢᠯ ᠢ ᠵᠢᠯᠣᠭᠤᠳᠤᠨ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨAᠲᠡᠰ ᠤᠨ  ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠱᠢᠶ᠎ᠡ ᠦᠵᠡᠭᠦᠯᠬᠦ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ  ᠬᠤᠸᠠᠷᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ  ᠪᠠ ᠳᠤᠷᠠᠰᠬᠠᠯ ᠤᠨ ᠡᠳ᠋ ᠢ ᠨᠡᠭᠡᠭᠡᠬᠦ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠭᠠᠳᠠᠭᠠᠳᠤ ᠳᠤ ᠵᠣᠷᠢᠭᠤᠯᠤᠭᠰᠠᠨ ᠰᠣᠶᠣᠯ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠠᠵᠢᠯ ᠢ  ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠰᠣᠶᠣᠯ᠂ ᠵᠢᠭᠤᠯᠴᠢᠯᠠᠯ ᠢ  ᠭᠠᠳᠠᠭᠠᠳᠤ ᠳᠤ ᠬᠠᠨᠳᠤᠭᠤᠯᠬᠤ᠂ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠬᠢᠬᠦ  ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠰᠣᠶᠣᠯ᠂ ᠵᠢᠭᠤᠯᠴᠢᠯᠠᠯ᠂ ᠪᠡᠶ᠎ᠡ ᠶᠢᠨ  ᠲᠠᠮᠢᠷ ᠤᠨ ᠲᠠᠯ᠎ᠠ ᠪᠠᠷ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠬᠤ ᠶᠢ ᠵᠣᠬᠢᠶᠠᠨ ᠪᠠᠶᠢᠭᠤᠯᠤᠨ᠎ᠠ᠃       ︵ᠳᠣᠯᠤᠭ᠎ᠠ︶ ᠤᠷᠠᠯᠢᠭ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ ᠲᠦᠯᠬᠢᠨ ᠠᠬᠢᠭᠤᠯᠬᠤ ᠬᠡᠷᠡᠭᠲᠡᠶ᠃  ᠪᠦᠬᠦ ᠲᠣᠭᠤᠷᠢᠭ ᠤᠨ ᠲᠤᠰᠬᠠᠶ ᠮᠡᠷᠭᠡᠵᠢᠯ ᠤᠨ ᠤᠷᠠᠯᠢᠭ ᠤᠨ ᠠᠵᠢᠯ ᠢ ᠬᠠᠮᠢᠶᠠᠷᠬᠤ᠂ ᠵᠢᠯᠣᠭᠤᠳᠬᠤ᠂ ᠲᠥᠯᠥᠪᠵᠢᠭᠦᠯᠬᠦ᠂ ᠤᠷᠠᠯᠢᠭ ᠤᠨ ᠵᠣᠬᠢᠶᠠᠨ ᠪᠦᠲᠦᠭᠡᠯᠲᠡ ᠶᠢ ᠬᠠᠮᠢᠶᠠᠷᠤᠨ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠭᠴᠢ  ᠥᠷᠲᠡᠭ ᠤᠨ ᠦᠵᠡᠯᠲᠡ ᠶᠢ ᠳᠡᠮᠵᠢᠨ᠎ᠡ᠃ ᠤᠳᠤᠷᠢᠳᠤᠮᠵᠢ ᠶᠢᠨ ᠴᠢᠨᠠᠷᠲᠠᠶ᠂ ᠲᠥᠯᠥᠭᠡᠯᠡᠬᠦ ᠴᠢᠨᠠᠷᠲᠠᠶ᠂ ᠵᠢᠱᠢᠶ᠎ᠡ  ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠨᠢ ᠡᠯ᠎ᠡ ᠲᠦᠷᠦᠯ ᠤᠨ  ᠤᠷᠠᠯᠢᠭ᠂ ᠡᠯ᠎ᠡ ᠤᠷᠠᠯᠢᠭ ᠤᠨ ᠲᠦᠷᠦᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃       ︵ᠨᠠᠢᠮᠠ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ ᠠᠬᠢᠭᠤᠯᠤᠨ᠎ᠠ᠃  ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠤᠨ  ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ  ᠢᠨᠵᠧᠨᠧᠷᠢᠩ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ  ᠨᠡᠶᠢᠲᠡ ᠶᠢᠨ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ  ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠪᠠᠶᠢᠭᠤᠯᠤᠯᠲᠠ ᠪᠠ  ᠬᠥᠭᠵᠢᠯᠲᠡ ᠶᠢ ᠴᠢᠩᠭᠠᠳᠬᠠᠵᠤ᠂ ᠤᠯᠠᠨ ᠨᠡᠶᠢᠲᠡ ᠶᠢᠨ ᠥᠨᠳᠦᠰᠦᠨ ᠰᠣᠶᠣᠯ ᠤᠨ ᠦᠢᠯᠡᠴᠢᠯᠡᠭᠡ ᠶᠢ  ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ᠃      ︵ᠶᠢᠰᠦ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ  ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂  ᠪᠠᠳᠠᠷᠠᠭᠤᠯᠬᠤ ᠪᠠ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠦᠨᠳᠦᠰᠦᠲᠡᠨ ᠤ  ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠣᠯᠤᠨ ᠤᠯᠠᠮᠵᠢᠯᠠᠯᠲᠤ  ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠯᠣᠭᠤᠳᠤᠨ᠎ᠠ᠃      ︵ᠠᠷᠪᠠ︶ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠲᠡᠤᠬᠡ ᠶᠢᠨ  ᠳᠤᠷᠠᠰᠬᠠᠯᠲᠤ ᠵᠦᠢᠯ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ  ᠪᠠᠶᠢᠭᠤᠯᠵᠤ ᠬᠡᠷᠡᠭᠵᠢᠭᠦᠯᠦᠨ᠎ᠡ᠂ ᠰᠣᠶᠣᠯ ᠤᠨ ᠥᠪ ᠬᠥᠷᠥᠩᠭᠡ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠢ  ᠬᠠᠮᠠᠭᠠᠯᠠᠬᠤ ᠠᠵᠢᠯ ᠢ ᠥᠷᠨᠢᠭᠦᠯᠵᠦ᠂ ᠪᠦᠬᠦ ᠲᠣᠭᠤᠷᠢᠭ ᠤᠨ ᠡᠯ᠎ᠡ ᠱᠠᠲᠤᠨ ᠤ ᠰᠣᠶᠣᠯ ᠤᠨ ᠥᠪ ᠢ ᠮᠡᠳᠡᠭᠦᠯᠬᠦ ᠪᠠ  ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ  ᠥᠷᠨᠢᠭᠦᠯᠦᠨ᠎ᠡ᠃ ᠪᠦᠬᠦ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯ ᠪᠣᠯᠤᠨ ᠮᠦᠽᠧᠶ ᠶᠢᠨ ᠲᠤᠬᠠᠶᠢᠯᠠᠭᠰᠠᠨ  ᠠᠵᠢᠯ ᠤᠨ ᠠᠵᠢᠯ ᠢ ᠵᠢᠯᠣᠭᠤᠳᠴᠤ᠂ ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠪᠣᠯᠤᠨ ᠬᠠᠮᠵᠢᠯᠴᠠᠭ᠎ᠠ ᠶᠢ  ᠵᠣᠬᠢᠴᠠᠭᠤᠯᠤᠨ᠎ᠠ᠃       ︵ᠠᠷᠪᠠᠨ ᠨᠢᠭᠡ︶ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠠᠶᠤᠯ ᠦᠭᠡᠢ ᠦᠢᠯᠡᠳᠪᠦᠷᠢᠯᠡᠯ ᠪᠠ ᠵᠠᠬ᠎ᠠ  ᠳᠡᠯᠭᠡᠭᠦᠷ ᠤᠨ ᠡᠵᠡᠩᠨᠡᠯᠲᠡ ᠳᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ ᠰᠣᠶᠣᠯ᠂  ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠣᠶᠣᠯ᠂  ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ  ᠳᠦᠷᠢᠮᠵᠢᠭᠦᠯᠦᠨ᠎ᠡ᠃  ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ  ᠬᠠᠮᠢᠶᠠᠷᠤᠨ᠎ᠠ᠃       ︵ᠠᠷᠪᠠᠨ ᠬᠤᠶᠠᠷ︶ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠪᠦᠬᠦ  ᠲᠣᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠰᠢᠰᠲ᠋ᠧᠮ ᠤᠨ ᠭᠤᠤᠯᠳᠠᠯᠭ᠎ᠠ ᠲᠠᠢ ᠰᠠᠭᠤᠷᠢ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ  ᠬᠠᠮᠢᠶᠠᠷᠤᠯᠲᠠ  ᠪᠣᠯᠤᠨ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠠᠷᠠᠳ ᠤᠨ  ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠨᠠᠢᠳᠠᠪᠤᠷᠢᠵᠢᠭᠤᠯᠬᠤ᠂ ᠤᠯᠤᠰ ᠤᠨ ᠪᠡᠶ᠎ᠡ ᠶᠢᠨ  ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ  ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠠᠵᠢᠯ ᠤᠨ ᠡᠩᠨᠡᠭᠡᠨ ᠤ ᠳᠦᠷᠢᠮ ᠤᠨ ᠪᠠᠶᠢᠭᠤᠯᠤᠯᠲᠠ ᠶᠢ  ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ  ᠪᠠᠶᠢᠭᠤᠯᠤᠯᠲᠠ ᠶᠢ ᠵᠢᠯᠣᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠢᠨᠠᠯᠲᠠ  ᠬᠠᠮᠢᠶᠠᠷᠤᠯᠲᠠ ᠶᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂  ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠠᠵᠢᠯ ᠢ ᠬᠢᠨᠠᠨ ᠬᠠᠮᠢᠶᠠᠷᠤᠨ᠎ᠠ᠃      ︵ᠠᠷᠪᠠᠨ ᠳᠥᠷᠪᠡᠨ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃  ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠪᠠ  ᠪᠠᠶᠢᠷᠢᠰᠢᠯᠤᠭ᠎ᠠ ᠶᠢ ᠰᠤᠳᠤᠯᠤᠨ ᠲᠥᠯᠥᠪᠵᠢᠭᠦᠯᠬᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠪᠡᠶ᠎ᠡ ᠶᠢᠨ ᠲᠠᠮᠢᠷ ᠤᠨ  ᠤᠷᠤᠯᠳᠤᠭᠠᠨ ᠢ ᠥᠷᠨᠢᠭᠦᠯᠵᠦ᠂ ᠲᠠᠮᠢᠷᠴᠢᠳ ᠤᠨ ᠡᠩᠨᠡᠭᠡ ᠶᠢᠨ ᠪᠠᠶᠢᠭᠤᠯᠤᠯᠲᠠ ᠪᠠ ᠠᠵᠢᠯ ᠤᠨ ᠴᠢᠯᠥᠭᠡᠨ ᠤ  ᠪᠣᠯᠪᠠᠰᠤᠷᠠᠯ ᠤᠨ ᠠᠵᠢᠯ ᠢ ᠴᠢᠩᠭᠠᠳᠬᠠᠨ᠎ᠠ᠃ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ  ᠵᠢᠴᠢ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠤᠯᠯᠠᠨ ᠡᠷᠬᠢᠯᠡᠬᠦ ᠶᠢ ᠬᠠᠷᠢᠭᠤᠴᠠᠨ᠎ᠠ᠃       ︵ᠠᠷᠪᠠᠨ ᠲᠠᠪᠤ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ  ᠵᠢᠯᠣᠭᠤᠳᠬᠤ ᠪᠠ ᠲᠦᠯᠬᠢᠨ ᠠᠬᠢᠭᠤᠯᠤᠨ᠎ᠠ᠃      ︵ᠠᠷᠪᠠᠨ ᠵᠢᠷᠭᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ  ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ