ᠵᠠᠯᠠᠶᠢᠨᠠᠭᠤᠷ  ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠭᠤᠤᠯ ᠡᠭᠦᠷᠭᠡ  ᠬᠠᠷᠢᠴᠠᠭᠤᠯᠭ᠎ᠠ
ᠨᠡᠶᠢᠲᠡᠯᠡᠭᠰᠡᠨ ᠴᠠᠭ᠄
2020/9/1
      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ  ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ   ᠬᠡᠷᠡᠭᠵᠢᠬᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠨ ᠶᠢᠨ ᠵᠠᠬᠢᠳᠠᠯ  ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃       ︵ᠬᠤᠶᠠᠷ︶ ᠵᠠᠬᠢᠳᠠᠯ ᠴᠢᠮᠡᠭᠡ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠳᠡᠭᠡᠷ᠎ᠡ ᠱᠠᠲᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠪᠣᠯᠤᠨ  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ  ᠤᠳᠤᠷᠢᠳᠬᠤ ᠨᠥᠬᠦᠳ ᠤᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠤᠴᠢᠷ ᠢ ᠳᠠᠭᠠᠭᠠᠴᠢᠯᠠᠨ ᠠᠪᠴᠤ  ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ  ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠴᠢᠷ ᠢ ᠬᠦᠯᠢᠶᠡᠨ ᠠᠪᠴᠤ ᠰᠢᠢᠳᠪᠦᠷᠢᠯᠡᠬᠦ ᠪᠠ  ᠬᠦᠢᠴᠡᠳᠭᠡᠬᠦ ᠠᠵᠢᠯ ᠢ ᠬᠠᠷᠢᠭᠤᠴᠠᠨ᠎ᠠ᠃ ᠠᠰᠠᠭᠤᠨ ᠰᠤᠷᠠᠭᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ  ᠠᠪᠬᠤ ᠠᠵᠢᠯ ᠢ ᠬᠠᠷᠢᠭᠤᠴᠠᠨ᠎ᠠ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠵᠠᠬᠢᠳᠠᠯ ᠰᠤᠷᠪᠤᠯᠵᠢᠯᠠᠭ᠎ᠠ ᠶᠢᠨ  ᠤᠳᠠᠰᠤ ᠶᠢ ᠬᠦᠯᠢᠶᠠᠨ ᠠᠪᠬᠤ᠂ ᠵᠣᠬᠢᠶᠠᠨ ᠪᠠᠶᠢᠭᠤᠯᠤᠨ ᠰᠢᠢᠳᠪᠦᠷᠢᠯᠡᠬᠦ ᠪᠠ ᠬᠠᠷᠢᠭᠤᠯᠲᠠ ᠥᠭᠬᠦ ᠵᠡᠷᠭᠡ ᠠᠵᠢᠯ ᠢ  ᠬᠠᠷᠢᠭᠤᠴᠠᠨ᠎ᠠ᠃       ︵ᠭᠤᠷᠪᠠ︶ ᠵᠠᠬᠢᠳᠠᠯ ᠰᠤᠷᠪᠤᠯᠵᠢᠯᠠᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ  ᠰᠤᠷᠪᠤᠯᠵᠢᠯᠠᠭ᠎ᠠ ᠶᠢᠨ ᠭᠡᠷᠡᠭ ᠤᠴᠢᠷ ᠢ ᠰᠢᠯᠵᠢᠭᠦᠯᠦᠨ ᠰᠢᠢᠳᠪᠦᠷᠢᠯᠡᠬᠦ᠂ ᠲᠤᠰᠢᠶᠠᠨ ᠦᠭᠴᠤ ᠰᠢᠢᠳᠪᠦᠷᠢᠯᠡᠬᠦᠯᠬᠦ  ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠤᠴᠢᠷ ᠢ ᠬᠦᠢᠴᠡᠳᠭᠡᠭᠰᠡᠨ ᠪᠠᠶᠢᠳᠠᠯ ᠢ ᠬᠢᠨᠠᠨ  ᠪᠠᠶᠢᠴᠠᠭᠠᠵᠤ᠂ ︽ᠭᠤᠷᠪᠠ ᠠᠯᠤᠰᠯᠠᠵᠤ ᠭᠤᠷᠪᠠ ᠶᠢ ᠰᠠᠯᠭᠠᠬᠤ︾ ︵ᠭᠠᠵᠠᠷ ᠤᠷᠤᠨ ᠠᠯᠤᠰᠬᠤ᠂ ᠰᠠᠯᠠᠭ᠎ᠠ ᠮᠦᠴᠢᠷ  ᠠᠯᠤᠰᠯᠠᠬᠤ᠂ ᠲᠤᠬᠠᠶᠢᠯᠠᠭᠰᠠᠨ ᠠᠵᠢᠯ ᠠᠯᠤᠰᠬᠤ︔ ᠬᠦᠮᠦᠨ ᠭᠡᠷᠡᠭ ᠤᠴᠢᠷ ᠢ ᠰᠠᠯᠭᠠᠬᠤ᠂ ᠬᠦᠮᠦᠨ ᠡᠷᠦᠭᠡ ᠶᠢ  ᠰᠠᠯᠭᠠᠬᠤ᠂ ᠬᠦᠮᠦᠨ ᠭᠡᠷᠡᠭ ᠤᠴᠢᠷ ᠡᠷᠦᠭᠡ ᠶᠢ ᠰᠠᠯᠭᠠᠬᠤ ᠵᠡᠷᠭᠡ︶ ᠰᠤᠷᠪᠤᠯᠵᠢᠯᠠᠭ᠎ᠠ ᠶᠢᠨ ᠭᠡᠷᠡᠭ ᠤᠴᠢᠷ ᠢ   ᠵᠤᠬᠢᠴᠠᠭᠤᠯᠤᠨ ᠱᠠᠭᠠᠷᠳᠠᠵᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠨ᠎ᠠ᠃  ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠳᠦᠷᠢᠮ᠂ ᠨᠠᠮ ᠵᠠᠰᠠᠭ ᠤᠨ  ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠬᠠᠷᠢᠭᠤᠴᠠᠨ  ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ  ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ  ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠳᠤ ᠵᠠᠳᠠᠯᠤᠯᠲᠠ ᠬᠢᠵᠦ᠂ ᠲᠤᠷᠰᠢᠯᠭ᠎ᠠ ᠪᠠᠨ ᠳ᠋ᠦᠩᠨᠡᠵᠦ   ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠠᠨᠠᠯ ᠪᠠ ᠰᠠᠨᠠᠭᠤᠯᠭ᠎ᠠ ᠳᠤᠷᠠᠳᠬᠤ ᠶᠢ  ᠬᠠᠷᠢᠭᠤᠴᠠᠨ᠎ᠠ᠃        ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ   ᠶᠢᠨ ᠬᠠᠤᠯᠢᠭᠵᠢᠭᠰᠠᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂  ᠲᠤᠭᠤᠷᠢᠭ ᠤᠨ ᠵᠠᠬᠢᠳᠠᠯ  ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ  ᠬᠠᠷᠢᠭᠤᠴᠠᠨ ᠵᠢᠯᠣᠭᠤᠳᠤᠨ᠎ᠠ᠃        ︵ᠵᠢᠷᠭᠤᠭ᠎ᠠ︶ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ  ᠠᠵᠢᠯ ᠤᠨ ᠬᠠᠮᠳᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠬᠥᠯᠥᠨ  ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ  ᠬᠤᠷᠠᠯᠳᠤᠭᠠᠨ ᠤ ᠠᠯᠪᠠᠨ ᠭᠡᠷ ᠤᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ  ᠱᠠᠯᠠᠪᠳᠠᠭᠤᠯᠤᠨ ᠪᠠᠶᠢᠴᠠᠭᠠᠯᠳᠠ ᠬᠢᠨ᠎ᠠ᠃      ︵ᠳᠣᠯᠤᠭ᠎ᠠ︶  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ‌‍ᠪᠤᠯᠤᠨ  ᠳᠡᠭᠡᠷ᠎ᠡ ᠱᠠᠲᠤᠨ ᠤ  ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
ᠢᠷᠡᠯᠲᠡ᠄ ᠲᠣᠲᠣᠷᠬᠠᠢ ᠦᠭᠡᠢ