ᠵᠠᠯᠠᠶᠢᠨᠠᠭᠤᠷ  ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠦᠪᠯᠡᠯ ᠤᠨ ᠡᠭᠦᠷᠭᠡ  ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/9/1
     ︵ᠨᠢᠭᠡ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠢ ᠵᠣᠬᠢᠶᠠᠨ ᠪᠠᠶᠢᠭᠤᠯᠤᠯᠲᠠ   ᠲᠠᠢ᠂ ᠲᠥᠯᠥᠪᠵᠢᠭᠦᠯᠭᠡ ᠲᠠᠢ ᠪᠠᠶᠢᠷᠢᠯᠠᠭᠤᠯᠣᠨ᠎ᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠨ  ᠰᠠᠶᠢᠵᠢᠷᠠᠭᠤᠯᠬᠤ ᠲᠤᠬᠠᠶ ᠰᠠᠨᠠᠯ ᠪᠠ ᠰᠠᠨᠠᠭᠤᠯᠭ᠎ᠠ ᠳᠣᠷᠠᠳᠴᠣ᠂ ᠠᠵᠢᠯ ᠤᠨ ᠲᠥᠯᠥᠪᠵᠢᠭᠦᠯᠭᠡ ᠶᠢ ᠰᠤᠳᠤᠯᠤᠨ  ᠲᠣᠭᠲᠠᠭᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃      ︵ᠬᠤᠶᠠᠷ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠤᠯᠤᠰ ᠲᠥᠷᠥ ᠶᠢᠨ  ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ  ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂  ᠢᠯᠵᠠᠷᠠᠯ ᠢ ᠡᠰᠡᠷᠭᠦᠴᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠭᠡᠷᠡᠭᠵᠢᠬᠦᠯᠦᠨ᠎ᠡ᠃      ︵ᠭᠤᠷᠪᠠ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠪᠣᠯᠤᠨ ᠨᠠᠮ ᠤᠨ  ᠠᠵᠢᠯ ᠤᠨ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠬᠠᠷᠢᠭᠤᠴᠠᠵᠤ᠂ ᠲᠣᠭᠤᠷᠢᠭ ᠤᠨ ᠰᠢᠭᠤᠳ ᠬᠠᠷᠢᠶ᠎ᠠ  ᠪᠠᠶᠢᠭᠤᠯᠤᠯᠭ᠎ᠠ ᠶᠢᠨ ᠨᠠᠮ ᠤᠨ ᠠᠵᠢᠯ ᠤᠨ ᠺᠠᠳ᠋ᠷ ᠪᠣᠯᠤᠨ ᠨᠠᠮ ᠤᠨ ᠡᠭᠦᠷ ᠤᠨ ᠱᠦᠵᠢ᠂ ᠴᠢᠬᠤᠯᠠ ᠠᠵᠢᠯᠲᠠᠨ ᠢ  ᠡᠭᠡᠯᠵᠢᠯᠡᠨ ᠪᠣᠯᠪᠠᠰᠣᠷᠠᠭᠤᠯᠣᠨ᠎ᠠ᠃ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ  ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠢ ᠵᠢᠯᠣᠭᠤᠳᠤᠨ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ  ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂  ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠭᠤᠯᠣᠨ᠎ᠠ᠃      ︵ᠲᠦᠷᠪᠡ︶ ᠳᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠣᠭᠤᠷᠢᠭ ᠤᠨ  ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠣᠨᠣᠯ  ᠰᠤᠷᠤᠯᠴᠠᠬᠤ ᠭᠤᠤᠯ ᠳᠤᠭᠤᠶᠢᠯᠠᠩ ᠤᠨ ᠬᠢᠨᠠᠨ ᠪᠠᠶᠢᠴᠠᠭᠠᠬᠤ ᠪᠠ ᠵᠢᠯᠣᠭᠤᠳᠬᠤ ᠠᠵᠢᠯ ᠢ ᠰᠠᠶᠢᠲᠤᠷ ᠠᠳᠬᠤᠨ᠎ᠠ᠃  ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠳᠠᠨ ᠤ ᠦᠵᠡᠯ ᠰᠠᠨᠠᠭᠠᠨ ᠤ ᠪᠠᠶᠢᠳᠠᠯ ᠢ ᠣᠶᠢᠯᠭᠠᠵᠦ᠂  ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠣᠯᠳᠠ ᠶᠢᠨ ᠦᠵᠡᠯ ᠰᠠᠨᠠᠭ᠎ᠠ  ᠣᠯᠣᠰ ᠲᠦᠷᠦ ᠶᠢᠨ ᠠᠵᠢᠯ ᠪᠠ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠵᠢᠯ ᠢ ᠴᠢᠩᠭᠠᠳᠬᠠᠨ᠎ᠠ᠃      ︵ᠲᠠᠪᠤ︶ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ᠂ ᠨᠠᠮ ᠤᠨ ᠪᠠᠶᠢᠭᠤᠯᠤᠯᠲᠠ ᠶᠢᠨ ᠠᠵᠢᠯ ᠤᠨ  ᠬᠠᠷᠢᠭᠤᠴᠠᠯᠭ᠎ᠠ ᠶᠢᠨ ᠳᠦᠷᠢᠮ ᠢ ᠪᠣᠳᠠᠲᠠᠶ ᠪᠠᠶᠢᠷᠢᠯᠠᠭᠤᠯᠬᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ  ᠲᠥᠷᠥ ᠶᠢᠨ ᠶᠣᠰᠣ ᠲᠦᠷᠢᠮ ᠢ ᠵᠢᠷᠤᠮᠯᠠᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠵᠦ ᠰᠢᠯᠭᠠᠨ ᠪᠠᠶᠢᠴᠠᠭᠠᠬᠤ   ᠶᠢᠨ ᠬᠠᠮᠳᠣ ᠬᠠᠮᠲᠤ ᠲᠣᠭᠤᠷᠢᠭ ᠤᠨ ᠨᠠᠮ ᠤᠨ ᠬᠤᠷᠢᠶ᠎ᠠ ᠳᠤ ᠮᠡᠳᠡᠬᠦᠯᠦᠨ᠎ᠡ᠃ ᠲᠣᠭᠤᠷᠢᠭ ᠤᠨ ᠰᠢᠭᠤᠳ ᠬᠠᠷᠢᠶ᠎ᠠ  ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠪᠠᠶᠢᠭᠤᠯᠣᠯᠳᠠ ᠶᠢ ᠵᠣᠬᠢᠶᠠᠨ ᠪᠠᠶᠢᠭᠤᠯᠤᠨ ᠨᠠᠮ ᠤᠨ ᠬᠡᠰᠢᠬᠦᠨ  ᠣᠳᠣᠷᠢᠳᠣᠬᠤ ᠺᠠᠳ᠋ᠷ ᠲᠤ ᠬᠢᠨᠠᠯᠳᠠ ᠬᠠᠮᠢᠶᠠᠷᠣᠯᠳᠠ ᠶᠠᠪᠣᠭᠤᠯᠵᠦ᠂ ᠳᠣᠭᠤᠷᠢᠭ ᠤᠨ ᠨᠠᠮ ᠤᠨ ᠬᠤᠷᠢᠶᠠᠨ ᠳᠤ ᠡᠯ᠎ᠡ  ᠰᠠᠯᠠᠭ᠎ᠠ ᠮᠥᠴᠢᠷ ᠤᠨ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠪᠠᠶᠢᠳᠠᠯ ᠢ ᠳᠣᠰᠬᠠᠨ᠎ᠠ᠃      ︵ᠵᠢᠷᠭᠤᠭ᠎ᠠ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ  ᠪᠦᠬᠦᠢ ᠠᠵᠢᠯ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ  ᠬᠤᠭᠤᠴᠠᠭ᠎ᠠ ᠰᠣᠯᠢᠬᠤ ᠠᠵᠢᠯ ᠢ ᠵᠢᠭᠠᠨ ᠵᠢᠯᠣᠭᠤᠳᠴᠣ᠂ ᠨᠠᠮ ᠤᠨ ᠭᠡᠰᠢᠭᠦᠨ ᠤ ᠶᠡᠭᠡ ᠬᠤᠷᠠᠯ ᠪᠤᠶᠤ ᠨᠠᠮ ᠤᠨ  ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ ᠵᠢᠭᠠᠪᠤᠷᠢ ᠠᠪᠬᠤ ᠶᠢ ᠬᠢᠨᠠᠨ  ᠵᠥᠪᠰᠢᠶᠡᠷᠡᠨ᠎ᠡ᠃ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ  ᠤᠳᠤᠷᠢᠳᠬᠤ ᠪᠠᠭ ᠤᠨ ᠪᠦᠷᠢᠯᠳᠦᠬᠦᠨ ᠵᠢᠴᠢ ᠱᠦᠵᠢ᠂ ᠳᠡᠳ᠋ ᠱᠦᠵᠢ ᠶᠢ ᠳᠣᠮᠢᠯᠠᠵᠦ ᠪᠠᠭᠤᠯᠭᠠᠬᠤ ᠶᠢ ᠬᠢᠨᠠᠨ  ᠵᠥᠪᠰᠢᠶᠡᠷᠡᠨ᠎ᠡ᠃      ︵ᠳᠣᠯᠤᠭ᠎ᠠ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ  ᠠᠵᠢᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ  ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠬᠦᠨ ᠢ ᠬᠥᠭᠵᠢᠭᠦᠯᠬᠦ᠂ ᠬᠥᠮᠦᠵᠢᠭᠦᠯᠬᠦ ᠪᠠ ᠬᠠᠮᠢᠶᠠᠷᠬᠤ  ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠰᠦᠢᠳᠭᠡᠯ ᠳᠣᠰᠢᠶᠠᠬᠤ᠂ ᠬᠤᠷᠢᠶᠠᠨ ᠠᠪᠬᠤ᠂ ᠬᠡᠷᠡᠭᠯᠡᠬᠦ ᠪᠠ ᠬᠠᠮᠢᠶᠠᠷᠬᠤ  ᠠᠵᠢᠯ ᠢ ᠰᠠᠶᠢᠲᠤᠷ ᠬᠢᠨ᠎ᠡ᠃       ︵ᠨᠠᠢᠮᠠ︶ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠳᠦᠷᠢᠮ ᠢ  ᠬᠡᠷᠡᠭᠵᠢᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠣᠯᠳᠠ ᠶᠢ ᠰᠠᠶᠢᠲᠤᠷ ᠠᠳᠬᠤᠨ᠎ᠠ᠃      ︵ᠶᠢᠰᠦ︶ ᠳᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ᠂ ᠡᠪ ᠬᠠᠮᠲᠤ  ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠵᠡᠷᠭᠡ ᠣᠯᠠᠨ ᠲᠦᠮᠡᠨ ᠤ ᠪᠦᠯᠬᠦᠮ ᠤᠨ  ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠴᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ  ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠴᠣ᠂ ᠨᠠᠮ ᠤᠨ ᠣᠯᠠᠨ ᠲᠦᠮᠡᠨ ᠤ ᠠᠵᠢᠯ ᠪᠠ  ᠨᠢᠭᠡᠳᠦᠭᠡᠷ ᠹᠷᠣᠨᠲ ᠤᠨ ᠠᠵᠢᠯ ᠢ ᠰᠠᠶᠢᠲᠤᠷ ᠬᠢᠨ᠎ᠡ᠃      ︵ᠠᠷᠪᠠ︶ ᠲᠣᠭᠤᠷᠢᠭ ᠤᠨ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ  ᠰᠠᠯᠠᠭ᠎ᠠ ᠮᠥᠴᠢᠷ ᠤᠨ ᠳᠣᠰᠢᠶᠠᠭᠰᠠᠨ ᠪᠣᠰᠣᠳ ᠡᠬᠦᠷᠭᠡ ᠳᠣᠰᠢᠶᠠᠯ ᠢ ᠬᠦᠢᠴᠡᠳᠭᠡᠨ᠎ᠡ᠃  
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ