ᠡᠨᠡ ᠵᠢᠯ ᠤᠨ 9 ᠰᠠᠷ᠎ᠠ ᠶᠢᠨ 10 ᠤ ᠡᠳᠦᠷ ᠪᠣᠯ 36 ᠳ᠋ᠤᠭᠠᠷ ᠪᠠᠭᠰᠢ ᠶᠢᠨ ᠪᠠᠶᠠᠷ ᠤᠨ ᠡᠳᠦᠷ ᠪᠣᠯᠤᠨ᠎ᠠ᠃ | ᠪᠠᠶᠠᠷ ᠤᠨ ᠡᠳᠦᠷ ᠤᠨ ᠲᠤᠬᠠᠶ ᠶᠢᠨ ᠡᠳᠦᠷ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠵᠣᠣ ᠵᠢᠶᠠᠨ ᠪᠥᠸᠧ᠂ ᠳᠡᠳ᠋ ᠲᠣᠭᠤᠷᠢᠭ ᠤᠨ ᠳᠠᠷᠤᠭ᠎ᠠ ᠴᠠᠩ ᠴᠢᠩ ᠪᠣᠯᠤᠨ | ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠤᠯᠭ᠎ᠠ᠂ ᠰᠢᠯᠢᠳᠡᠭ ᠪᠠᠭᠰᠢ᠂ ᠠᠵᠢᠯ ᠠᠴᠠ ᠪᠠᠨ ᠠᠮᠠᠷᠠᠭᠰᠠᠨ | ᠪᠠᠭᠰᠢ ᠶᠢᠨ ᠲᠥᠯᠥᠭᠡᠯᠡᠭᠴᠢ ᠪᠣᠯᠤᠨ ᠡᠪᠡᠳᠴᠢᠯᠡᠭᠰᠡᠨ ᠪᠠᠭᠰᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ | ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | ᠵᠣᠣ ᠵᠢᠶᠠᠨ ᠪᠥᠸᠧ ᠸᠠᠩ ᠴᠢᠤᠸᠠᠨ ᠪᠠᠭ᠎ᠠ ᠰᠤᠷᠭᠠᠭᠤᠯᠢ ᠶᠢᠨ᠂ᠬᠤᠶᠠᠳᠤᠭᠠᠷ ᠣᠨ ᠤ ᠳᠤᠭᠤᠶᠢᠯᠠᠩ ᠤᠨ | ᠠᠯᠪᠠᠨ ᠭᠡᠷ ᠲᠤ ᠬᠦᠷᠴᠦ᠂ ᠰᠢᠯᠢᠳᠡᠭ ᠪᠠᠭᠰᠢ ᠵᠦ ᠶᠢᠨ ᠰᠢᠶᠠᠩ ᠳᠤ ᠪᠠᠶᠠᠷ ᠤᠨ ᠡᠳᠦᠷ ᠤᠨ ᠮᠡᠨᠳᠦ ᠬᠦᠷᠭᠡᠵᠦ᠂ | ᠲᠡᠭᠦᠨ ᠤ ᠰᠤᠷᠭᠠᠭᠤᠯᠢ ᠶᠢᠨ ᠬᠥᠭᠵᠢᠯᠲᠡ ᠳᠤ ᠬᠠᠷᠠᠮ ᠦᠭᠡᠶ ᠵᠢᠳᠬᠦᠯ ᠦᠵᠡᠭᠦᠯᠦᠭᠰᠡᠨ ᠳᠤ ᠲᠠᠯᠠᠷᠬᠠᠯ ᠢᠶᠠᠨ | ᠳᠡᠪᠰᠢᠭᠦᠯᠪᠡ ᠃ ᠲᠡᠭᠦᠨ ᠤ ᠦᠷᠭᠦᠯᠵᠢᠯᠡᠨ ᠴᠢᠷᠮᠠᠶᠢᠵᠤ ᠮᠠᠨ ᠤ ᠲᠤᠭᠤᠷᠢᠭ ᠤᠨ ᠪᠠᠭ᠎ᠠ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠭᠰᠢ ᠶᠢ ᠢᠯᠡᠭᠦᠬᠡᠨ ᠬᠠᠯᠠᠮᠵᠢᠯᠠᠨ ᠬᠠᠶᠢᠷᠠᠯᠠᠵᠤ᠂ ᠵᠠᠯᠠᠶᠢᠨᠠᠭᠤᠷ | ᠲᠣᠭᠤᠷᠢᠭ ᠤᠨ ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠳᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ | ᠱᠠᠭᠠᠷᠳᠠᠪᠠ᠃ | | ᠲᠣᠬᠤᠨᠢᠭᠤᠯᠬᠤ ᠶᠠᠪᠤᠴᠠ ᠳᠤ᠂ ᠵᠤᠤ ᠵᠢᠶᠠᠨ ᠪᠥᠸᠧ ᠪᠠᠰᠠ ᠡᠪᠡᠳᠴᠢᠯᠡᠭᠰᠡᠨ ᠪᠠ ᠠᠵᠢᠯ ᠠᠴᠠ ᠪᠠᠨ | ᠠᠮᠠᠷᠠᠭᠰᠠᠨ ᠪᠠᠭᠰᠢ ᠵᠢᠤᠢ ᠬᠤᠩ ᠶᠠᠨ᠂ ᠢᠦᠢ ᠹᠦ᠋ ᠪᠢᠨ ᠤ ᠪᠡᠶ᠎ᠡ ᠮᠠᠬᠠᠪᠣᠳ᠂ ᠠᠮᠢᠳᠤᠷᠠᠯ ᠵᠡᠷᠭᠡ ᠪᠠᠶᠢᠳᠠᠯ ᠢ | ᠳᠣᠲᠣᠨᠣ ᠪᠠᠷ ᠠᠰᠠᠭᠤᠨ ᠯᠠᠪᠯᠠᠭᠰᠠᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ | ᠳᠡᠪᠰᠢᠭᠦᠯᠵᠡᠢ᠃ ᠲᠡᠳᠡᠨ ᠤ ᠤᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠲᠤ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠠᠰᠠ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠤᠬᠠᠢ ᠲᠡᠳᠡᠨ ᠤ ᠰᠠᠨᠠᠭᠤᠯᠭ᠎ᠠ ᠶᠢ ᠬᠤᠷᠢᠶᠠᠭᠰᠠᠨ ᠪᠠᠶᠢᠨ᠎ᠠ᠃ | | | ᠲᠤᠭᠤᠷᠢᠭ ᠤᠨ ᠤᠳᠤᠷᠢᠳᠤᠯᠭ᠎ᠠ ᠪᠠ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠤᠯᠭ᠎ᠠ᠂ | ᠪᠠᠭᠰᠢ ᠶᠢᠨ ᠪᠠᠶᠠᠷ ᠤᠨ ᠡᠳᠦᠷ ᠲᠡᠳᠡᠨ ᠢ ᠪᠣᠯᠭᠤᠭᠠᠨ ᠲᠣᠬᠤᠨᠢᠭᠤᠯᠵᠤ ᠪᠠᠶᠢᠭ᠎ᠠ ᠳᠤ ᠲᠡᠳᠡᠨ ᠰᠡᠳᠬᠢᠯ | ᠳᠣᠭᠳᠣᠯᠤᠭᠤᠯᠵᠤ᠂ ᠪᠠᠭᠰᠢ ᠪᠣᠯᠤᠭᠰᠠᠳ ᠤᠭ ᠰᠠᠨᠠᠭ᠎ᠠ ᠪᠠᠨ ᠦᠯᠦ ᠮᠠᠷᠲᠠᠨ ᠬᠥᠮᠦᠨ ᠢ ᠬᠥᠮᠦᠵᠢᠭᠦᠯᠬᠦ ᠡᠭᠦᠷᠭᠡ | ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠰᠤᠷᠭᠠᠭᠤᠯᠢ ᠶᠢᠨ ᠬᠥᠭᠵᠢᠯᠲᠡ ᠳᠤ ᠥᠪᠡᠷ ᠤᠨ ᠪᠦᠬᠦ ᠬᠦᠴᠦᠨ ᠢᠶᠠᠨ | ᠵᠣᠷᠢᠭᠤᠯᠬᠤ ᠬᠡᠷᠡᠭᠲᠡᠶ ᠭᠡᠪᠡ᠃ | |